︽ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠭᠡᠰᠡᠭ︶ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/11/17
︽ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠭᠡᠰᠡᠭ︶ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ        ᠬᠦᠨᠳᠡᠯᠡᠨ ᠲᠣᠭᠤᠷᠢᠭ ᠤᠨ ᠵᠠᠰᠠᠭ ᠤᠨ ᠤᠷᠳᠤᠨ ᠲᠠᠷᠬᠠᠭᠠᠪᠠ ︹2023︺ 18 ᠳ᠋ᠤᠭᠡᠷ ᠲᠣᠭᠠᠲᠤᠡᠯ᠎ᠡ ᠵᠡᠭᠡᠯᠢ ᠭᠤᠳᠤᠮᠵᠢ ᠪᠠᠯᠭᠠᠰᠤ᠂ ᠲᠣᠭᠤᠷᠢᠭ ᠲᠤ ᠰᠠᠭᠤᠭ᠎ᠠ᠂ ᠲᠣᠭᠤᠷᠢᠭ ᠤᠨ ᠬᠠᠷᠢᠶ᠎ᠡ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠨᠢᠭᠡᠴᠢ ᠳᠤ᠄      ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠬᠦᠯᠵᠦ ᠪᠠᠲᠤᠯᠠᠭᠠᠳ᠂ ᠡᠳᠦᠭᠡ ︽ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶ ᠤ ᠬᠠᠮᠢᠶᠠᠷᠤᠯᠲᠠ ᠶᠢᠨ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                    ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                        2023 ᠣᠨ ᠤ 10 ᠰᠠᠷ᠎ᠠ ᠶᠢᠨ 26 ᠤ ᠡᠳᠦᠷ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠭᠡᠰᠡᠭ︶ ᠤ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ    ᠶᠡᠷᠦᠩᠬᠡᠶ ᠳᠦᠷᠢᠮ      ᠨᠢᠭᠡᠳᠦᠭᠡᠷ ᠵᠦᠢᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠪᠠᠭᠳᠠᠭᠠᠮᠵᠢ᠂ ᠬᠡᠭᠡᠷ᠎ᠡ ᠶᠢᠨ ᠠᠮᠢᠲᠠᠨ ᠤᠷᠭᠤᠮᠠᠯ᠂ ᠪᠠᠶᠢᠭᠠᠯᠢ ᠶᠢᠨ ᠣᠷᠴᠢᠨ ᠲᠣᠭᠤᠷᠢᠨ ᠪᠠ ᠪᠠᠶᠢᠭᠠᠯᠢ ᠶᠢᠨ ᠡᠬᠢ ᠪᠠᠶᠠᠯᠢᠭ ᠢ ᠦᠨᠡᠨᠬᠦ ᠬᠠᠮᠠᠭᠠᠯᠠᠵᠤ᠂ ᠪᠠᠶᠢᠭᠠᠯᠢ ᠶᠢᠨ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠨ᠂ ᠪᠠᠶᠢᠭᠠᠯᠢ ᠶᠢᠨ ᠭᠠᠮᠰᠢᠭ ᠢ ᠬᠥᠩᠭᠡᠷᠡᠭᠦᠯᠬᠦ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠷᠡᠭᠵᠢᠭᠦᠯᠬᠦ ᠠᠷᠭ᠎ᠠ︾ ᠵᠢᠴᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠦᠨᠳᠦᠰᠦᠯᠡᠨ᠂ ᠬᠥᠨᠳᠡᠯᠡᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠶᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶ ᠤ ᠡᠮᠦᠨ᠎ᠡ ᠵᠠᠬ᠎ᠠ ᠨᠢ ᠮᠤᠨᠠ ᠠᠭᠤᠯᠠ ᠶᠢᠨ ᠠᠭᠤᠯᠠᠨ ᠬᠤᠷᠮᠣᠶ ᠶᠢᠨ ᠬᠤᠶᠢᠲᠤ ᠵᠠᠬ᠎ᠠ᠂ ᠬᠤᠶᠢᠲᠤ ᠵᠠᠬ᠎ᠠ ᠨᠢ ᠪᠠᠶᠠᠨᠨᠠᠭᠤᠷ ᠠᠶᠢᠮᠠᠭ ᠲᠠᠢ ᠵᠠᠬ᠎ᠠ ᠨᠡᠶᠢᠯᠡᠵᠦ᠂ ᠪᠠᠷᠠᠭᠤᠨ ᠵᠠᠬ᠎ᠠ ᠨᠢ ᠬᠠᠳᠠᠮᠠᠯ ᠭᠤᠤᠯ ᠪᠣᠯᠤᠨ ᠵᠢᠣ ᠶᠤᠸᠠᠨ    ᠲᠤᠭᠤᠷᠢᠭ ᠤᠨ ᠠᠭᠤᠯᠵᠠᠷ ᠲᠤ ᠪᠠᠶᠢᠵᠤ᠂ ᠵᠡᠭᠦᠨ ᠵᠠᠬ᠎ᠠ ᠨᠢ ᠪᠤᠭᠤᠲᠤ ᠠᠴᠠ ᠪᠠᠶᠠᠨ ᠤᠪᠤᠭ᠎ᠠ ᠬᠥᠷᠬᠦ ᠲᠡᠮᠦᠷ    ᠵᠠᠮ ᠤᠨ ᠪᠠᠷᠠᠭᠤᠨ ᠲᠠᠯ᠎ᠠ ᠪᠠᠷ ᠪᠠᠶᠢᠵᠤ᠂ ᠲᠠᠯᠠᠪᠠᠶ ᠨᠢ 4315.75 ᠾᠧᠺᠲ᠋ᠠᠷ ᠪᠣᠯᠤᠨ᠎ᠠ᠃ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠢ ᠲᠠᠯᠠᠪᠠᠢ ᠨᠢ 15265.24 ᠾᠧᠺᠲ᠋ᠠᠷ ᠪᠣᠯᠤᠨ᠎ᠠ᠃      ᠭᠤᠷᠪᠠᠳᠤᠭᠠᠷ ᠵᠦᠶᠯ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠪᠠᠶᠢᠭᠤᠯᠤᠭᠰᠠᠨ ᠶᠤᠮ᠂ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶  ᠳᠤ ᠬᠠᠮᠠᠭᠠᠯᠠᠬᠤ᠂ ᠠᠰᠢᠭᠯᠠᠬᠤ᠂ ᠰᠢᠨᠵᠢᠯᠡᠬᠦ ᠤᠬᠠᠭᠠᠨ ᠤ ᠰᠤᠳᠤᠯᠤᠯ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠠᠵᠢᠯᠯᠠᠭ᠎ᠠ ᠶᠢ ᠦᠷᠨᠢᠬᠦᠯᠬᠦ ᠨᠢᠭᠡᠴᠢ ᠪᠣᠯᠤᠨ ᠬᠤᠪᠢ ᠬᠥᠮᠦᠨ᠂ ᠲᠣᠰ ᠠᠷᠭ᠎ᠠ ᠶᠢ ᠵᠢᠷᠤᠮᠯᠠᠬᠤ ᠬᠡᠷᠡᠭᠲᠡᠶ᠃      ᠳᠥᠷᠪᠡᠳᠦᠭᠡᠷ ᠵᠦᠢᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠤᠷᠰᠢᠯᠲᠠ ᠶᠢᠨ ᠤᠷᠤᠨ ᠳᠣᠲᠣᠷ᠎ᠠ ᠬᠠᠮᠠᠭᠠᠯᠠᠬᠤ᠂ ᠰᠡᠷᠭᠦᠭᠡᠬᠦ᠂ ᠤᠬᠠᠭᠤᠯᠬᠤ᠂ ᠰᠤᠷᠭᠠᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠬᠢᠨᠠᠨ ᠬᠡᠮᠵᠢᠬᠦ᠂ ᠠᠮᠢ ᠠᠬᠤᠢ ᠶᠢᠨ ᠵᠢᠭᠤᠯᠴᠢᠯᠠᠯ ᠵᠡᠷᠭᠡ ᠠᠵᠢᠯᠯᠠᠭ᠎ᠠ ᠶᠢ ᠥᠷᠨᠢᠭᠦᠯᠵᠦ    ᠪᠣᠯᠤᠨ᠎ᠠ᠃      ᠲᠠᠪᠤᠳᠤᠭᠠᠷ ᠵᠦᠢᠯ   ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶ ᠨᠢ ᠶᠡᠷᠦᠩᠬᠡᠶᠢᠯᠡᠭᠰᠡᠨ ᠬᠠᠮᠢᠶᠠᠷᠤᠯᠲᠠ ᠪᠠ ᠰᠠᠯᠠᠭ᠎ᠠ ᠮᠥᠴᠢᠷ ᠬᠤᠪᠢᠶᠠᠬᠤ ᠬᠠᠮᠢᠶᠠᠷᠤᠯᠲᠠ ᠶᠢ ᠤᠶᠠᠯᠳᠤᠭᠤᠯᠤᠭᠰᠠᠨ ᠬᠠᠮᠢᠶᠠᠷᠤᠯᠲᠠ ᠶᠢᠨ  ᠪᠠᠶᠢᠭᠤᠯᠤᠯ ᠢ ᠬᠡᠷᠡᠭᠵᠢᠭᠦᠯᠦᠨ᠎ᠡ᠃      ᠪᠤᠷᠬᠠᠨᠲᠤ ᠪᠠᠯᠭᠠᠰᠤ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶ ᠢ ᠬᠠᠤᠯᠢ ᠶᠣᠰᠣᠭᠠᠷ ᠬᠠᠮᠢᠶᠠᠷᠬᠤ ᠬᠡᠷᠡᠭᠲᠡᠶ᠃      ᠵᠢᠷᠭᠤᠳᠤᠭᠠᠷ ᠵᠦᠶᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠥᠬᠦᠶ ᠨᠢᠭᠡᠴᠢ ᠲᠠᠢ ᠬᠠᠮᠲᠤᠷᠠᠨ᠂ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠶᠡᠷᠦᠩᠬᠡᠶᠢᠯᠡᠨ ᠪᠤᠳᠤᠯᠬᠢᠯᠠᠬᠰᠠᠨ ᠤ ᠳᠠᠷᠠᠭ᠎ᠠ᠂ ᠵᠥᠪᠰᠢᠶᠡᠷᠡᠨ ᠬᠡᠷᠡᠭᠵᠢᠭᠦᠯᠦᠨ᠎ᠡ᠃      ᠬᠤᠶᠠᠳᠤᠭᠠᠷ ᠪᠦᠯᠦᠭ   ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ      ᠳᠣᠯᠣᠳᠤᠭᠠᠷ ᠵᠦᠢᠯ   ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠪᠠ ᠵᠠᠭᠠᠭ ᠱᠤᠭᠤᠮ ᠢ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠬᠤ ᠶᠢᠨ ᠬᠠᠮᠲᠤ ᠬᠠᠮᠠᠭᠠᠯᠠᠯᠳᠠ ᠶᠢᠨ ᠣᠷᠣᠨ ᠤ ᠵᠠᠭᠠᠭ ᠢ ᠲᠣᠳᠣᠷᠬᠠᠶᠢᠯᠠᠵᠤ ᠵᠠᠷᠯᠠᠨ ᠨᠡᠶᠢᠲᠡᠯᠡᠪᠡ᠃     ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠣᠰᠣᠭᠠᠷ᠂ ᠬᠠᠮᠠᠭᠠᠯᠠᠯᠲᠠ ᠶᠢᠨ ᠲᠡᠮᠳᠡᠭ ᠢᠯᠡᠷᠬᠡᠶᠢᠯᠡᠯ᠂ ᠵᠠᠭᠠᠭ ᠤᠨ ᠬᠥᠰᠢᠶ᠎ᠡ ︵ᠲᠡᠮᠳᠡᠭ᠂ ᠪᠠᠭᠠᠨ᠎ᠠ︶   ᠶᠢ ᠪᠤᠰᠬᠠᠬᠤ ᠬᠡᠷᠡᠭᠲᠡᠶ᠃      ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠬᠢᠯᠢ ᠶᠢ ᠲᠤᠳᠤᠷᠬᠠᠶᠢᠯᠠᠬᠰᠠᠨ ᠲᠡᠮᠳᠡᠭ ᠢᠯᠡᠷᠬᠡᠶᠢᠯᠡᠯ ᠢ ᠡᠪᠳᠡᠬᠦ ᠪᠤᠶᠤ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠥᠬᠡᠶ᠃     ᠨᠠᠢᠮᠠᠳᠤᠭᠠᠷ ᠵᠦᠢᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠤᠰᠬᠠᠢ ᠪᠠᠶᠢᠭᠤᠯᠤᠮᠵᠢ ᠶᠢ ᠪᠠᠶᠢᠭᠤᠯᠵᠤ᠂ ᠲᠤᠰᠬᠠᠢ    ᠠᠵᠢᠯᠳᠠᠨ ᠢ ᠲᠤᠬᠢᠷᠠᠭᠤᠯᠤᠨ᠎ᠠ᠃     ᠶᠢᠰᠦᠳᠦᠭᠡᠷ ᠵᠦᠢᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠭᠤᠣᠯ ᠤᠷᠤᠨ᠂ ᠵᠠᠪᠰᠠᠷ ᠤᠨ ᠤᠷᠤᠨ ᠪᠠ ᠲᠤᠷᠰᠢᠯᠲᠠ ᠶᠢᠨ ᠤᠷᠤᠨ ᠭᠡᠵᠦ ᠬᠤᠪᠢᠶᠠᠨ᠎ᠠ᠃ ᠭᠤᠣᠯ ᠤᠷᠤᠨ᠂ ᠵᠠᠪᠰᠠᠷ ᠤᠨ ᠤᠷᠤᠨ ᠳᠤ ᠶᠠᠮᠠᠷᠪᠠ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ ᠪᠠᠶᠢᠭᠤᠯᠵᠤ ᠪᠣᠯᠬᠤ ᠦᠭᠡᠶ︔ ᠲᠤᠷᠰᠢᠯᠲᠠ ᠶᠢᠨ ᠤᠷᠤᠨ ᠳᠤ ᠣᠷᠴᠢᠨ ᠲᠤᠭᠤᠷᠢᠨ ᠢ ᠪᠣᠬᠢᠷᠲᠤᠭᠤᠯᠬᠤ᠂ ᠡᠬᠢ ᠪᠠᠶᠠᠯᠢᠭ ᠪᠤᠶᠤ ᠦᠵᠡᠮᠵᠢ ᠶᠢ ᠡᠪᠳᠡᠬᠦ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ ᠶᠢ ᠪᠠᠶᠢᠭᠤᠯᠵᠤ ᠪᠣᠯᠬᠤ ᠦᠭᠡᠢ᠃     ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠠᠳᠠᠭᠤᠷᠬᠢ ᠬᠠᠮᠠᠭᠠᠯᠠᠯᠲᠠ ᠶᠢᠨ ᠣᠷᠣᠨ ᠪᠦᠰᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠨᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠤᠬᠢᠷᠠᠭᠤᠯᠵᠤ ᠪᠣᠯᠬᠤ ᠥᠬᠡᠶ᠃ ᠨᠢᠭᠡᠨᠲᠡ ᠬᠤᠬᠢᠷᠠᠯ ᠤᠴᠠᠷᠠᠭᠤᠯᠤᠭᠰᠠᠨ ᠪᠠᠶᠢᠪᠠᠯ ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠭᠤᠯᠬᠤ ᠬᠡᠷᠡᠭᠲᠡᠢ᠃     ᠠᠷᠪᠠᠳᠤᠭᠠᠷ ᠵᠦᠢᠯ  ᠭᠤᠣᠯ ᠤᠷᠤᠨ᠂ ᠵᠠᠪᠰᠠᠷ ᠤᠨ ᠤᠷᠤᠨ ᠤ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ ᠬᠠᠤᠯᠢ ᠶᠣᠰᠣᠭᠠᠷ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠪᠢᠶᠠᠷᠢᠯᠠᠨ ᠥᠭᠬᠦ ᠬᠡᠷᠡᠭᠲᠡᠢ᠃ ᠭᠤᠣᠯ ᠤᠷᠤᠨ᠂ ᠵᠠᠪᠰᠠᠷ ᠤᠨ ᠤᠷᠤᠨ ᠤ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢ ᠬᠠᠤᠯᠢ ᠶᠣᠰᠣᠭᠠᠷ ᠤᠯᠤᠰ ᠤᠨ ᠥᠮᠴᠢᠯᠡᠯ ᠤᠨ ᠭᠠᠵᠠᠷ ᠰᠢᠷᠣᠢ ᠪᠣᠯᠭᠠᠨ ᠲᠠᠲᠠᠪᠤᠷᠢᠯᠠᠨ ᠬᠡᠷᠡᠭᠯᠡᠵᠦ ᠪᠣᠯᠤᠨ᠎ᠠ᠃     ᠠᠷᠪᠠᠨ ᠨᠢᠭᠡᠳᠦᠭᠡᠷ ᠵᠦᠢᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠤᠷᠰᠢᠯᠲᠠ ᠶᠢᠨ    ᠤᠷᠤᠨ ᠤ ᠳᠣᠲᠣᠷ᠎ᠠ᠂ ᠤᠤᠯ ᠤᠨ ᠪᠠᠶᠢᠭᠰᠠᠨ ᠨᠢᠭᠡᠴᠢ ᠪᠠ ᠰᠠᠭᠤᠭᠠᠯᠢ ᠠᠷᠠᠳ ᠵᠣᠬᠢᠬᠤ ᠬᠡᠮᠵᠢᠶᠡᠨ ᠤ ᠦᠢᠯᠡᠳᠪᠦᠷᠢᠯᠡᠯ ᠠᠮᠢᠳᠤᠷᠠᠯ ᠬᠢᠵᠤ ᠪᠣᠯᠤᠨ᠎ᠠ᠂ ᠭᠡᠪᠡᠴᠦ ᠭᠤᠣᠯᠳᠠᠯᠭ᠎ᠠ ᠲᠠᠢ ᠬᠠᠮᠠᠭᠠᠯᠠᠬᠤ ᠡᠲᠡᠭᠡᠳ ᠢ ᠨᠥᠯᠥᠭᠡᠯᠡᠵᠦ ᠪᠣᠯᠬᠤ ᠦᠭᠡᠢ᠃     ᠠᠷᠪᠠᠨ ᠬᠤᠶᠠᠳᠤᠭᠠᠷ ᠵᠦᠢᠯ   ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠳᠤ ᠬᠡᠷᠡᠭᠰᠡᠬᠦ ᠵᠠᠷᠤᠳᠠᠯ ᠢ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠭᠠᠷᠭᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠵᠣᠬᠢᠰᠲᠠᠢ ᠪᠡᠯᠡ ᠮᠥᠩᠭᠦ ᠶᠢᠨ ᠨᠥᠬᠦᠪᠥᠷᠢ ᠥᠭᠴᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠳᠤ ᠬᠡᠷᠡᠭᠯᠡᠨ᠎ᠡ᠃      ᠠᠷᠪᠠᠨ ᠭᠤᠷᠪᠠᠳᠤᠭᠠᠷ ᠵᠦᠢᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠳᠣᠣᠷᠠᠬᠢ ᠠᠵᠢᠯᠯᠠᠭ᠎ᠠ ᠦᠷᠨᠢᠬᠦᠯᠬᠦ ᠶᠢ ᠴᠠᠭᠠᠵᠠᠯᠠᠨ᠎ᠠ᠄       ︵ᠨᠢᠭᠡ︶ ᠳᠤᠷ᠎ᠠ ᠪᠠᠷ ᠢᠶᠠᠨ ᠠᠭᠤᠷᠬᠠᠢ ᠨᠡᠭᠡᠭᠡᠬᠦ᠂ ᠬᠠᠶᠢᠷ ᠴᠢᠯᠠᠭᠤ ᠮᠠᠯᠲᠠᠬᠤ᠂ ᠰᠢᠷᠣᠢ ᠠᠪᠬᠤ᠂ ᠴᠤᠷᠮᠠᠳᠠᠬᠤ᠂ ᠪᠤᠯᠠᠰᠢ ᠲᠠᠯᠪᠢᠬᠤ ᠵᠢᠴᠢ ᠦᠢᠯᠡᠳᠪᠦᠷᠢᠯᠡᠯ ᠤᠨ ᠴᠢᠨᠠᠷᠲᠠᠢ ᠮᠠᠯ ᠬᠠᠷᠢᠭᠤᠯᠬᠤ ᠶᠢ ᠴᠢᠩᠭ᠎ᠠ ᠴᠠᠭᠠᠵᠠᠯᠠᠨ᠎ᠠ︔     ︵ᠬᠤᠶᠠᠷ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠢ ᠲᠡᠭᠦᠬᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠬᠠᠮᠠᠭᠠᠯᠠᠯᠲᠠ ᠲᠠᠢ ᠪᠣᠶ ᠪᠥᠬᠦᠶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠪᠠᠷᠢᠬᠤ᠂ ᠠᠩᠨᠠᠬᠤ ᠪᠤᠶᠤ ᠠᠯᠠᠬᠤ ᠂ ᠰᠢᠪᠠᠭᠤᠨ ᠤ ᠥᠨᠳᠡᠭᠡ ᠶᠢ ᠲᠡᠬᠦᠬᠦ ᠪᠠ ᠰᠢᠪᠠᠭᠤᠨ ᠤ ᠡᠭᠦᠷ ᠢ ᠡᠪᠳᠡᠯᠡᠬᠦ ᠶᠢ ᠴᠢᠩᠭ᠎ᠠ ᠴᠠᠭᠠᠵᠠᠯᠠᠨ᠎ᠡ︔     ︵ᠭᠤᠷᠪᠠ︶ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠣᠷᠣᠨ ᠪᠠ ᠵᠠᠪᠰᠠᠷ ᠤᠨ ᠣᠷᠣᠨ ᠳᠤ ᠬᠠᠤᠯᠢ ᠪᠤᠰᠤ ᠪᠠᠷ ᠣᠷᠣᠵᠤ ᠪᠣᠯᠬᠤ ᠥᠬᠡᠶ᠃ ᠲᠤᠷᠰᠢᠯᠲᠠ ᠶᠢᠨ ᠣᠷᠣᠨ ᠳᠤ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠵᠢᠭᠠᠨ ᠰᠤᠷᠭᠠᠬᠤ᠂ ᠦᠯᠢᠭᠡᠷ ᠬᠡᠪ ᠴᠤᠭᠯᠠᠭᠤᠯᠬᠤ᠂ ᠲᠣᠭᠤᠷᠢᠨ ᠦᠵᠡᠬᠦ᠂ ᠵᠢᠭᠤᠯᠴᠢᠯᠠᠬᠤ ᠠᠵᠢᠯᠯᠠᠭ᠎ᠠ ᠬᠢᠬᠦ ᠨᠢᠭᠡᠴᠢ ᠪᠤᠶᠤ ᠬᠤᠪᠢ ᠬᠥᠮᠦᠨ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃      ︵ᠳᠥᠷᠪᠡ︶  ᠪᠤᠢ ᠪᠦᠬᠦᠢ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠢᠳᠡᠬᠦ᠂ ᠫᠠᠨᠽᠠᠯᠠᠬᠤ᠂ ᠠᠷᠠᠯᠵᠢᠶᠠᠯᠠᠬᠤ ᠶᠢ ᠴᠢᠩᠭ᠎ᠠ ᠴᠠᠭᠠᠵᠠᠯᠠᠨ᠎ᠡ᠃      ︵ᠲᠠᠪᠤ︶ ᠬᠤᠣᠷ ᠲᠠᠢ ᠡᠳ᠋ ᠪᠤᠳᠠᠰ ᠢ ᠲᠠᠯᠪᠢᠬᠤ᠂ ᠬᠠᠲᠠᠭᠤ ᠪᠡᠶᠡᠲᠦ ᠬᠠᠶᠠᠭᠳᠠᠮᠠᠯ ᠢ ᠴᠢᠳᠬᠤᠬᠤ ᠪᠠ ᠪᠤᠬᠢᠷᠳᠤᠬᠰᠠᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ᠃      ︵ᠵᠢᠷᠭᠤᠭ᠎ᠠ︶ ᠬᠥᠨᠥᠭᠡᠯᠲᠡᠶ ᠠᠮᠢᠳᠤ ᠪᠤᠳᠠᠰ ᠤᠨ ᠳᠦᠷᠰᠦ ᠶᠢ ᠲᠠᠯᠪᠢᠵᠤ ᠤᠷᠤᠭᠤᠯᠬᠤ ᠪᠤᠶᠤ ᠭᠠᠳᠠᠨ᠎ᠠ ᠠᠴᠠ ᠢᠷᠡᠭᠰᠡᠨ ᠠᠮᠢᠳᠤ ᠪᠤᠳᠠᠰ ᠤᠨ ᠳᠦᠷᠰᠦ ᠶᠢ ᠳᠤᠷ᠎ᠠ ᠪᠠᠷ ᠢᠶᠠᠨ ᠣᠷᠣᠭᠤᠯᠵᠤ ᠢᠷᠡᠬᠦ ᠶᠢ ᠴᠢᠩᠭ᠎ᠠ ᠴᠠᠭᠠᠵᠠᠯᠠᠨ᠎ᠡ︔      ︵ᠳᠣᠯᠤᠭ᠎ᠠ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠶᠢᠨ ᠲᠤᠨᠤᠭ ᠲᠥᠬᠦᠭᠡᠷᠦᠮᠵᠢ ᠶᠢ ᠡᠪᠳᠡᠬᠦ ᠶᠢ ᠴᠢᠩᠭ᠎ᠠ ᠴᠠᠭᠠᠵᠠᠯᠠᠨ᠎ᠠ︔      ︵ ᠨᠠᠢᠮᠠ︶ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠪᠠᠷᠢᠯᠭ᠎ᠠ ᠪᠤᠰᠬᠠᠬᠤ ᠶᠢ ᠴᠢᠩᠭ᠎ᠠ ᠴᠠᠭᠠᠵᠠᠯᠠᠨ᠎ᠠ︔      ︵ᠶᠢᠰᠦ︶ ᠲᠠᠸᠠᠷ ᠤᠨ ᠴᠢᠨᠠᠷᠲᠠᠢ ᠪᠠᠷ ᠤᠢ ᠮᠣᠳᠣ ᠶᠢ ᠣᠭᠲᠣᠯᠬᠤ ᠶᠢ ᠴᠢᠩᠭ᠎ᠠ ᠴᠠᠭᠠᠵᠠᠯᠠᠨ᠎ᠠ︔      ︵ᠠᠷᠪᠠ︶ ᠬᠠᠤᠯᠢ ᠲᠣᠭᠲᠠᠭᠠᠯ ᠳᠤ ᠲᠣᠭᠲᠠᠭᠠᠭᠰᠠᠨ ᠬᠠᠤᠯᠢ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃       ᠠᠷᠪᠠᠨ ᠳᠥᠷᠪᠡᠳᠦᠭᠡᠷ ᠵᠦᠢᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠠᠪᠤᠷᠠᠨ ᠲᠤᠰᠠᠯᠠᠬᠤ ᠶᠢ ᠭᠤᠶᠤᠴᠢᠯᠠᠬᠰᠠᠨ ᠮᠡᠳᠡᠭᠦᠯᠦᠯᠲᠡ ᠶᠢ ᠴᠠᠭ ᠲᠤᠬᠠᠶ ᠳᠤᠨᠢ ᠬᠦᠯᠢᠶᠡᠨ ᠠᠪᠴᠤ ᠰᠢᠶᠳᠪᠦᠷᠢᠯᠡᠨ᠂ ᠰᠢᠷᠬᠠᠲᠤᠭᠰᠠᠨ ᠪᠤᠶᠤ ᠬᠤᠷᠢᠬᠳᠠᠬᠰᠠᠨ ᠬᠡᠭᠡᠷ᠎ᠡ ᠶᠢᠨ ᠠᠮᠢᠲᠠᠨ ᠳᠤ ᠪᠠᠴᠢᠮ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃     ᠠᠷᠪᠠᠨ ᠲᠠᠪᠤᠳᠤᠭᠠᠷ ᠵᠦᠢᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠲᠤᠳᠤᠷᠠᠬᠢ ᠴᠢᠬᠤᠯᠠ ᠦᠵᠡᠮᠵᠢ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ᠂ ᠡᠷᠲᠡᠨ ᠤ ᠮᠣᠳᠣ ᠨᠡᠷᠡᠲᠦ ᠮᠣᠳᠣ ᠵᠡᠷᠭᠡ ᠳᠤ ᠫᠠᠶᠢᠰᠠ ᠡᠯᠭᠦᠨ ᠬᠠᠮᠠᠭᠠᠯᠠᠬᠤ ᠳᠦᠷᠢᠮ ᠢ ᠬᠡᠷᠡᠭᠵᠢᠭᠦᠯᠦᠨ᠎ᠡ᠃      ᠠᠷᠪᠠᠨ ᠵᠢᠷᠭᠤᠳᠤᠭᠠᠷ ᠵᠦᠶᠯ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠠᠮᠢ ᠠᠬᠤᠶ ᠶᠢᠨ ᠵᠢᠭᠤᠯᠴᠢᠯᠠᠯ ᠵᠡᠷᠭᠡ ᠡᠵᠡᠩᠨᠡᠯᠲᠡ ᠶᠢᠨ ᠠᠵᠢᠯᠯᠠᠭ᠎ᠠ ᠡᠷᠭᠢᠯᠡᠵᠦ ᠪᠥᠬᠦᠶ ᠨᠢᠭᠡᠴᠢ ᠭᠠᠯ ᠤᠨ ᠭᠠᠮᠰᠢᠭ᠂ ᠤᠰᠤᠨ ᠳᠤ ᠴᠠᠴᠠᠬᠤ᠂ ᠬᠠᠴᠢᠨ ᠴᠠᠭ ᠠᠭᠤᠷ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠡᠯ᠎ᠡ ᠵᠦᠶᠯ ᠤᠨ ᠴᠢᠬᠤᠯᠠ ᠪᠥᠬᠦᠶ ᠠᠮᠤᠷ ᠲᠦᠪᠰᠢᠨ ᠤ ᠲᠤᠨᠤᠭ ᠲᠦᠭᠦᠭᠡᠷᠦᠮᠵᠢ ᠶᠢ ᠪᠠᠶᠢᠷᠢᠯᠠᠭᠤᠯᠬᠤ ᠬᠡᠷᠡᠭᠲᠡᠶ᠃ ᠠᠮᠤᠷ ᠲᠦᠪᠰᠢᠨ ᠤ ᠠᠳᠡᠯ ᠭᠠᠷᠤᠭᠰᠠᠨ ᠦᠶ᠎ᠡ ᠳᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠦᠨᠳᠦᠰᠦᠯᠡᠨ ᠴᠠᠭ ᠲᠤᠬᠠᠢ ᠳᠤᠨᠢ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃      ᠠᠷᠪᠠᠨ ᠳᠣᠯᠣᠳᠤᠭᠠᠷ ᠵᠦᠢᠯ   ᠠᠮᠢ ᠠᠬᠤᠢ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶ ᠤ ᠬᠠᠮᠢᠶᠠᠷᠤᠯᠲᠠ ᠶᠢ ᠬᠢᠨᠠᠨ ᠪᠠᠶᠢᠴᠠᠭᠠᠬᠤ ᠡᠷᠬᠡ ᠲᠠᠢ︔ ᠬᠠᠮᠠᠭᠠᠯᠠᠯᠲᠠ ᠶᠢᠨ ᠣᠷᠣᠨ ᠤ ᠳᠣᠲᠣᠷ᠎ᠠ ᠬᠠᠤᠯᠢ ᠪᠤᠰᠤ ᠪᠠᠷ ᠠᠭᠤᠷᠬᠠᠶ ᠨᠡᠭᠡᠭᠡᠬᠦ᠂ ᠵᠠᠮ ᠵᠠᠰᠠᠬᠤ᠂ ᠬᠠᠰᠢᠯᠭ᠎ᠠ ᠪᠠᠷᠢᠬᠤ᠂ ᠪᠦᠲᠦᠭᠡᠨ ᠪᠠᠶᠢᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠵᠡᠷᠭᠡ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠦᠢᠯᠡ ᠠᠵᠢᠯᠯᠠᠭ᠎ᠠ ᠳᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ᠪᠠᠶᠢᠴᠠᠭᠠᠭᠳᠠᠬᠤ ᠨᠢᠭᠡᠴᠢ ᠪᠠᠶᠢᠳᠠᠯ ᠢᠶᠠᠨ ᠦᠨᠡᠨ ᠮᠥᠨ ᠢᠶᠠᠷ ᠨᠢ ᠲᠤᠰᠬᠠᠵᠤ᠂ ᠴᠢᠬᠤᠯᠠ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠪᠠᠶᠢᠴᠠᠭᠠᠬᠤ ᠨᠢᠭᠡᠴᠢ ᠨᠢ ᠪᠠᠶᠢᠴᠠᠭᠠᠭᠳᠠᠭᠰᠠᠨ ᠨᠢᠭᠡᠴᠢ ᠶᠢᠨ ᠲᠧᠭᠨᠢᠭ ᠮᠡᠷᠭᠡᠵᠢᠯ ᠤᠨ ᠨᠢᠭᠤᠴᠠ ᠪᠠ ᠲᠤᠬᠠᠶᠢᠯᠠᠭᠰᠠᠨ ᠠᠵᠢᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠢ᠃      ᠠᠷᠪᠠᠨ ᠨᠠᠢᠮᠠᠳᠤᠭᠠᠷ ᠵᠦᠶᠯ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ︔ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ︔ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠠᠷᠠᠭᠠᠯᠵᠠᠬᠰᠠᠨ ᠲᠣᠬᠢᠷᠠᠭᠤᠯᠤᠯᠲᠠ ᠬᠢᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ︽ᠨᠢᠭᠡ ᠴᠤᠬᠴᠠᠳᠤ ᠵᠢᠷᠤᠭ︾ ᠢ ᠰᠢᠨᠡᠳᠬᠡᠨ᠎ᠡ᠃     ᠠᠷᠪᠠ ᠶᠢᠰᠦᠳᠦᠭᠡᠷ ᠵᠦᠶᠯ  ᠥᠪᠥᠷ ᠮᠣᠩᠭᠤᠯ ᠤᠨ ᠬᠥᠨᠳᠡᠯᠡᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠬᠠᠮᠢᠶᠠᠷᠴᠤ ᠬᠠᠮᠠᠭᠠᠯᠠᠬᠤ ᠲᠥᠪ ᠠᠴᠠ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶ ᠢ ᠬᠠᠮᠠᠭᠠᠯᠠᠵᠤ ᠬᠠᠮᠢᠶᠠᠷᠬᠤ ᠠᠵᠢᠯ ᠢ ᠪᠣᠳᠠᠲᠠᠶ ᠬᠠᠷᠢᠭᠤᠴᠠᠵᠤ᠂ ᠳᠤᠤᠷᠠᠬᠢ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠦᠨ᠎ᠡ᠄      ︵ᠨᠢᠭᠡ︶  ᠬᠠᠮᠠᠭᠠᠯᠠᠯᠲᠠ ᠶᠢᠨ ᠣᠷᠣᠨ ᠤ ᠬᠤᠯᠪᠣᠭᠳᠠᠯ ᠪᠦᠬᠦᠢ ᠬᠠᠮᠠᠭᠠᠯᠠᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔      ︵ᠬᠤᠶᠠᠷ︶ ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ᠎ᠠ︔      ︵ᠭᠤᠷᠪᠠ︶ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ᠂ ᠬᠠᠮᠠᠭᠠᠯᠠᠯᠲᠠ ᠶᠢᠨ ᠣᠷᠣᠨ ᠤ ᠡᠬᠢ ᠪᠠᠶᠠᠯᠢᠭ ᠤᠨ ᠮᠡᠳᠡᠭᠡ ᠵᠠᠩᠭᠢ ᠶᠢᠨ ᠳᠠᠩᠰᠠ ᠡᠪᠬᠡᠮᠡᠯ ᠢ ᠪᠠᠶᠢᠭᠤᠯᠬᠤ ᠶᠢᠨ ᠬᠠᠮᠲᠤ ᠴᠠᠭ ᠲᠤᠬᠠᠶ ᠳᠤᠨᠢ ᠰᠢᠨᠡᠳᠬᠡᠨ᠎ᠡ︔      ︵ᠳᠥᠷᠪᠡ︶  ᠬᠠᠮᠠᠭᠠᠯᠠᠯᠲᠠ ᠶᠢᠨ ᠣᠷᠣᠨ ᠤ ᠳᠣᠲᠣᠷᠠᠬᠢ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ︔      ︵ᠲᠠᠪᠤ︶ ᠬᠠᠮᠠᠭᠠᠯᠠᠯᠲᠠ ᠶᠢᠨ ᠣᠷᠣᠨ ᠤ ᠵᠠᠭᠠᠭ ᠤᠨ ᠲᠡᠮᠳᠡᠭ ᠫᠠᠶᠢᠰᠠ ᠶᠢ ᠪᠠᠶᠢᠷᠢᠯᠠᠭᠤᠯᠬᠤ ᠪᠠ ᠬᠠᠮᠠᠭᠠᠯᠠᠬᠤ ᠶᠢ ᠬᠠᠷᠢᠭᠤᠴᠠᠨ᠎ᠠ︔      ︵ᠵᠢᠷᠭᠤᠭ᠎ᠠ︶ ᠪᠠᠶᠢᠭᠠᠯᠢ ᠶᠢᠨ ᠣᠷᠴᠢᠨ ᠲᠣᠭᠤᠷᠢᠨ ᠪᠠ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠶᠢ ᠨᠥᠯᠥᠭᠡᠯᠡᠬᠦ ᠥᠬᠡᠶ ᠪᠠᠶᠢᠬᠤ ᠤᠷᠢᠲᠠᠯ ᠳᠤᠤᠷ᠎ᠠ᠂ ᠬᠠᠮᠠᠭᠠᠯᠠᠯᠲᠠ ᠶᠢᠨ ᠣᠷᠣᠨ ᠤ ᠳᠣᠲᠣᠷ᠎ᠠ ᠲᠣᠭᠤᠷᠢᠨ ᠦᠵᠡᠬᠦ᠂ ᠵᠤᠭᠠᠴᠠᠨ ᠲᠤᠭᠤᠷᠢᠬᠤ ᠪᠠ ᠪᠤᠰᠤᠳ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔      ︵ᠳᠣᠯᠤᠭ᠎ᠠ︶ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠠᠶᠢᠭᠠᠯᠢ ᠶᠢᠨ ᠦᠵᠡᠮᠵᠢ᠂ ᠣᠶ ᠰᠢᠭᠤᠶ ᠡᠪᠡᠰᠦ ᠪᠡᠯᠴᠢᠭᠡᠷ᠂ ᠬᠡᠭᠡᠷ᠎ᠡ ᠶᠢᠨ ᠠᠮᠢᠲᠠᠨ᠂ ᠠᠮᠢ ᠠᠬᠤᠶ ᠣᠷᠴᠢᠨ ᠲᠣᠭᠤᠷᠢᠨ᠂ ᠣᠯᠠᠨ ᠨᠡᠶᠢᠲᠡ ᠶᠢᠨ ᠲᠤᠨᠤᠭ ᠲᠦᠬᠦᠭᠡᠷᠦᠮᠵᠢ ᠶᠢ ᠬᠠᠤᠯᠢ ᠶᠣᠰᠣᠭᠠᠷ ᠬᠠᠮᠠᠭᠠᠯᠠᠵᠤ᠂ ᠡᠮᠬᠢ ᠳᠢᠭᠯᠢᠮ ᠢ ᠬᠠᠮᠠᠭᠠᠯᠠᠨ᠎ᠡ᠃     ᠭᠤᠷᠪᠠᠳᠤᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ     ᠬᠤᠷᠢᠳᠤᠭᠠᠷ ᠵᠦᠢᠯ  ᠲᠣᠰ ︽ᠠᠷᠭ᠎ᠠ︾ ᠶᠢᠨ ᠲᠣᠭᠲᠠᠭᠠᠯ ᠠᠴᠠ ᠵᠥᠷᠢᠴᠡᠭᠰᠡᠨ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠬᠤ ᠨᠢᠭᠡᠴᠢ ᠪᠠ ᠬᠤᠪᠢ ᠬᠥᠮᠦᠨ ᠢ ᠮᠡᠷᠬᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ ᠵᠣᠭᠤᠰ ᠢᠶᠠᠷ ᠲᠣᠷᠭᠠᠵᠤ ᠪᠣᠯᠤᠨ᠎ᠠ︔      ︵ᠨᠢᠭᠡ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠤᠨ ᠲᠡᠮᠳᠡᠭ ᠫᠠᠶᠢᠰᠠ ᠶᠢ ᠳᠤᠷ᠎ᠠ ᠪᠠᠷ ᠢᠶᠠᠨ ᠰᠢᠯᠵᠢᠭᠦᠯᠦᠭᠰᠡᠨ ᠪᠤᠶᠤ ᠡᠪᠳᠡᠭᠰᠡᠨ︔      ︵ᠬᠤᠶᠠᠷ︶ ᠵᠦᠪᠰᠢᠶᠡᠷᠡᠯ ᠦᠬᠡᠢ ᠪᠠᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠤᠷᠤᠭᠰᠠᠨ ᠪᠤᠶᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠤᠳᠤᠷ᠎ᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠲᠠᠭᠠᠬᠤ ᠦᠭᠡᠢ︔      ︵ᠭᠤᠷᠪᠠ︶  ᠵᠦᠪᠰᠢᠶᠡᠷᠡᠯ ᠦᠭᠡᠢ ᠪᠠᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠪᠰᠠᠷ ᠤᠨ ᠣᠷᠣᠨ ᠳᠤ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠵᠢᠭᠠᠨ ᠰᠤᠷᠭᠠᠯᠲᠠ ᠶᠢᠨ ᠳᠠᠳᠤᠯᠭ᠎ᠠ ᠬᠢᠬᠦ ᠪᠠ ᠥᠯᠢᠭᠡᠷ ᠬᠡᠪ ᠴᠤᠭᠯᠠᠭᠤᠯᠤᠬᠰᠠᠨ ᠨᠢᠭᠡᠴᠢ ᠪᠠ ᠬᠤᠪᠢ ᠬᠥᠮᠦᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠢᠭᠰᠡᠨ ᠠᠵᠢᠯᠯᠠᠭ᠎ᠠ ᠶᠢᠨ ᠢᠶᠠᠨ ᠦᠷ᠎ᠡ ᠪᠦᠲᠦᠭᠡᠯ ᠤᠨ ᠬᠠᠭᠤᠯᠪᠤᠷᠢ ᠬᠡᠪ ᠢ ᠲᠤᠰᠢᠶᠠᠬᠤ ᠥᠬᠡᠶ ᠪᠠᠶᠢᠬᠤ᠃      ᠬᠤᠷᠢᠨ ᠨᠢᠭᠡᠳᠦᠭᠡᠷ ᠵᠦᠶᠯ   ᠲᠣᠰ ︽ᠠᠷᠭ᠎ᠠ︾ ᠶᠢᠨ ᠲᠣᠭᠲᠠᠭᠠᠯ ᠠᠴᠠ ᠵᠥᠷᠢᠴᠡᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠮᠣᠳᠣ ᠣᠭᠲᠣᠯᠬᠤ᠂ ᠠᠩ ᠠᠩᠨᠠᠬᠤ᠂ ᠡᠮ ᠲᠡᠭᠦᠬᠦ᠂ ᠠᠲᠠᠷ ᠬᠠᠭᠠᠯᠪᠤᠷᠢᠯᠠᠬᠤ᠂  ᠴᠤᠷᠮᠠᠳᠠᠬᠤ᠂ ᠠᠭᠤᠷᠬᠠᠶ ᠨᠡᠭᠡᠭᠡᠬᠦ᠂ ᠴᠢᠯᠠᠭᠤ ᠭᠠᠷᠭᠠᠬᠤ᠂ ᠬᠠᠶᠢᠷ ᠴᠢᠯᠠᠭᠤ ᠮᠠᠯᠲᠠᠬᠤ ᠵᠡᠷᠭᠡ ᠠᠵᠢᠯᠯᠠᠭ᠎ᠠ ᠬᠢᠭᠰᠡᠨ ᠨᠢᠭᠡᠴᠢ ᠪᠣᠯᠤᠨ ᠬᠤᠪᠢ ᠬᠥᠮᠦᠨ ᠢ ᠬᠤᠯᠪᠣᠭᠳᠠᠯ ᠪᠥᠬᠦᠶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠬᠰᠠᠨ ᠶᠣᠰᠣᠭᠠᠷ ᠰᠢᠢᠳᠭᠡᠨ ᠲᠣᠷᠭᠠᠵᠤ ᠪᠣᠯᠬᠤ ᠠᠴᠠ ᠭᠠᠳᠠᠨ᠎ᠠ᠂ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠡᠷᠬᠡ ᠣᠯᠭᠤᠭᠰᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ ᠬᠠᠤᠯᠢ ᠠᠴᠠ ᠵᠥᠷᠢᠴᠡᠵᠤ ᠤᠯᠤᠬᠰᠠᠨ ᠠᠰᠢᠭ ᠣᠯᠵᠠᠪᠤᠷᠢ ᠶᠢ ᠨᠢ ᠬᠤᠷᠢᠶᠠᠨ ᠠᠪᠴᠤ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠲᠤᠬᠳᠠᠬᠰᠠᠨ ᠬᠤᠭᠤᠴᠠᠭ᠎ᠠ ᠲᠤᠳᠤᠷ᠎ᠠ ᠤᠤᠯ ᠪᠠᠶᠢᠳᠠᠯ ᠢ ᠨᠢ ᠰᠡᠷᠭᠦᠭᠡᠬᠦ ᠶᠢ ᠱᠠᠭᠠᠷᠳᠠᠬᠤ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠤᠨ᠎ᠠ︔ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠡᠪᠳᠡᠯᠡᠭᠡ ᠤᠴᠠᠷᠠᠭᠤᠯᠤᠭᠰᠠᠨ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ ᠵᠣᠭᠤᠰ ᠢᠶᠠᠷ ᠲᠣᠷᠭᠠᠵᠤ ᠪᠣᠯᠤᠨ᠎ᠠ᠃      ᠬᠤᠷᠢᠨ ᠬᠤᠶᠠᠳᠤᠭᠠᠷ ᠵᠦᠶᠯ   ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠲᠣᠰ ︽ᠠᠷᠭ᠎ᠠ︾ ᠶᠢᠨ ᠲᠣᠭᠲᠠᠭᠠᠯ ᠢ ᠵᠥᠷᠢᠴᠡᠵᠦ᠂ ᠠᠮᠢ ᠠᠬᠤᠶ ᠣᠷᠴᠢᠨ ᠲᠣᠭᠤᠷᠢᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠥᠬᠦᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠲᠡᠪᠴᠢᠭᠰᠡᠨ᠂ ᠡᠰᠡᠬᠦᠯ᠎ᠡ ᠪᠠᠶᠢᠴᠠᠭᠠᠭᠳᠠᠬᠤ ᠦᠶ᠎ᠡ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ᠠᠮᠢ ᠠᠬᠤᠶ ᠣᠷᠴᠢᠨ ᠲᠣᠭᠤᠷᠢᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠥᠬᠦᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠷᠡᠭᠵᠢᠭᠦᠯᠬᠦ      ᠠᠷᠭ᠎ᠠ︾ ᠶᠢ ᠦᠨᠳᠦᠰᠦᠯᠡᠨ ᠵᠣᠭᠤᠰ ᠢᠶᠠᠷ ᠲᠣᠷᠭᠠᠵᠤ ᠪᠤᠯᠤᠨ᠎ᠠ᠃       ᠬᠤᠷᠢᠨ ᠭᠤᠷᠪᠠᠳᠤᠭᠠᠷ ᠵᠦᠶᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠲᠣᠰ ︽ᠠᠷᠭ᠎ᠠ︾ ᠶᠢᠨ ᠲᠣᠭᠲᠠᠭᠠᠯ ᠠᠴᠠ ᠵᠥᠷᠢᠴᠡᠭᠰᠡᠨ ᠳᠤᠤᠷᠠᠬᠢ ᠦᠶᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠯᠪᠣᠭᠳᠠᠯ ᠪᠥᠬᠦᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠤᠬᠳᠠᠭᠠᠨ ᠵᠠᠯᠠᠷᠠᠭᠤᠯᠤᠭᠤᠯᠤᠨ᠎ᠠ︔ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃      ︵ᠨᠢᠭᠡ︶ ᠵᠥᠪᠰᠢᠶᠡᠷᠡᠯ ᠦᠭᠡᠢ ᠪᠠᠷ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠲᠣᠭᠤᠷᠢᠨ ᠦᠵᠡᠬᠦ᠂ ᠵᠢᠭᠤᠯᠴᠢᠯᠠᠬᠤ ᠠᠵᠢᠯᠯᠠᠭ᠎ᠠ ᠥᠷᠨᠢᠭᠦᠯᠦᠭᠰᠡᠨ︔       ︵ᠬᠤᠶᠠᠷ︶  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠶᠢᠨ ᠴᠢᠭᠯᠡᠯ ᠯᠦᠭᠡ ᠨᠢᠭᠡᠳᠦᠯ ᠦᠭᠡᠶ ᠲᠣᠭᠤᠷᠢᠨ ᠦᠵᠡᠬᠦ᠂ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠡᠷᠡᠭᠵᠢᠬᠦᠯᠦᠭᠰᠡᠨ︔       ︵ᠭᠤᠷᠪᠠ︶ ᠵᠥᠪᠰᠢᠶᠡᠷᠡᠭᠰᠡᠨ ᠲᠥᠰᠦᠯ ᠶᠣᠰᠣᠭᠠᠷ ᠲᠣᠭᠤᠷᠢᠨ ᠦᠵᠡᠬᠦ᠂ ᠵᠢᠭᠤᠯᠴᠢᠯᠠᠬᠤ ᠠᠵᠢᠯᠯᠠᠭ᠎ᠠ ᠶᠢ ᠥᠷᠨᠢᠭᠦᠯᠦᠭᠰᠡᠨ ᠦᠭᠡᠢ ᠪᠠᠶᠢᠬᠤ᠃     ᠬᠤᠷᠢᠨ ᠳᠥᠷᠪᠡᠳᠦᠭᠡᠷ ᠵᠦᠢᠯ   ᠲᠤᠰ ︽ᠠᠷᠭ᠎ᠠ︾ ᠶᠢᠨ ᠲᠣᠭᠲᠠᠭᠠᠯ ᠠᠴᠠ ᠵᠥᠷᠢᠴᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠬᠢᠷᠠᠯ ᠤᠴᠠᠷᠠᠭᠤᠯᠤᠭᠰᠠᠨ ᠪᠣᠯ᠂ ᠬᠤᠯᠪᠣᠭᠳᠠᠯ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠷᠡᠭᠵᠢᠭᠦᠯᠬᠦ       ᠠᠷᠭ᠎ᠠ︾ ᠶᠢ ᠦᠨᠳᠦᠰᠦᠯᠡᠨ ᠵᠠᠷᠯᠢᠭᠳᠠᠵᠤ ᠪᠠᠶᠢᠭᠠᠳ ᠬᠤᠬᠢᠷᠠᠯ ᠢ ᠲᠥᠯᠥᠭᠦᠯᠦᠨ᠎ᠡ᠃       ᠬᠤᠷᠢᠨ ᠲᠠᠪᠤᠳᠤᠭᠠᠷ ᠵᠦᠢᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯᠲᠠᠨ ᠤ ᠠᠯᠪᠠᠨ ᠡᠭᠦᠷᠭᠡ ᠪᠠᠨ ᠭᠦᠢᠴᠡᠳᠬᠡᠬᠦ ᠶᠢ ᠬᠠᠷᠰᠢᠯᠠᠭᠰᠠᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠬᠦ ᠬᠠᠤᠯᠢ︾ ᠶᠢᠨ ᠲᠣᠭᠲᠠᠭᠠᠯ ᠶᠣᠰᠣᠭᠠᠷ ᠰᠢᠢᠳᠬᠡᠯ ᠥᠭᠭᠦᠨ᠎ᠡ︔ ᠤᠶᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ᠂ ᠶᠠᠯ᠎ᠠ ᠪᠤᠯᠤᠬᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠬᠤᠷᠢᠨ ᠵᠢᠷᠭᠤᠳᠤᠭᠠᠷ ᠵᠦᠢᠯ  ᠲᠤᠰ ︽ᠠᠷᠭ᠎ᠠ︾ ᠶᠢᠨ ᠲᠣᠭᠲᠠᠭᠠᠯ ᠠᠴᠠ ᠵᠥᠷᠢᠴᠡᠨ᠂ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠦᠨᠳᠦ ᠨᠤᠴᠢᠳᠠᠢ ᠪᠣᠬᠢᠷᠲᠤᠭᠤᠯᠤᠭᠰᠠᠨ ᠪᠤᠶᠤ ᠡᠪᠳᠡᠭᠰᠡᠨ ᠠᠳᠡᠯ ᠭᠠᠷᠭᠠᠵᠤ᠂ ᠠᠯᠪᠠᠨ ᠤ ᠪᠠ ᠬᠤᠪᠢ ᠶᠢᠨ ᠡᠳ᠋ ᠬᠥᠷᠥᠩᠭᠡ ᠶᠢ ᠬᠦᠨᠳᠦ ᠨᠤᠴᠢᠳᠠᠢ ᠬᠤᠬᠢᠷᠠᠭᠤᠯᠤᠭᠰᠠᠨ ᠪᠤᠶᠤ ᠬᠥᠮᠦᠨ ᠢ ᠦᠬᠦᠭᠦᠯᠵᠦ ᠰᠢᠷᠬᠠᠲᠤᠭᠤᠯᠤᠭᠰᠠᠨ ᠬᠦᠨᠳᠦ ᠨᠣᠴᠢᠲᠠᠶ ᠮᠠᠭᠤ ᠦᠷ᠎ᠡ ᠨᠦᠯᠦᠭᠡ ᠭᠠᠷᠭᠠᠵᠤ᠂ ᠶᠠᠯ᠎ᠠ ᠪᠤᠯᠤᠬᠰᠠᠨ ᠪᠣᠯ ᠰᠢᠭᠤᠳ ᠬᠠᠷᠢᠭᠤᠴᠠᠵᠤ ᠪᠦᠬᠦᠢ ᠭᠤᠣᠯᠯᠠᠨ ᠬᠠᠮᠢᠶᠠᠷᠬᠤ ᠬᠦᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠰ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠬᠤᠷᠢᠨ ᠳᠣᠯᠣᠳᠤᠭᠠᠷ ᠵᠦᠢᠯ  ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯᠳᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠤᠳᠤᠭᠠᠵᠤ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠡᠳ ᠶᠠᠯ᠎ᠠ ᠪᠤᠯᠤᠬᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠤᠶᠢᠯᠠ ᠪᠠᠶᠢᠳᠠᠯ ᠨᠢ ᠬᠦᠩᠭᠡᠠ᠂ ᠬᠠᠷᠠᠬᠠᠨ ᠶᠠᠯ᠎ᠠ ᠪᠤᠯᠤᠬᠰᠠᠨ ᠦᠭᠡᠢ ᠪᠠᠶᠢᠪᠠᠯ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃       ᠳᠥᠷᠪᠡᠳᠦᠭᠡᠷ ᠪᠦᠯᠦᠭ  ᠳᠠᠭᠠᠯᠳᠤᠭᠤᠯᠤᠯ ᠳᠦᠷᠢᠮ       ᠬᠤᠷᠢᠨ ᠨᠠᠢᠮᠠᠳᠤᠭᠠᠷ ᠵᠦᠢᠯ   ᠲᠤᠰ ᠠᠷᠭ᠎ᠠ ᠶᠢ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃       ᠬᠤᠷᠢ ᠶᠢᠰᠦᠳᠦᠭᠡᠷ ᠵᠦᠢᠯ   ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号