ᠠᠵᠠ ᠬᠡᠶᠢᠮᠣᠷᠢ ᠡᠳᠡᠭᠡᠷ ᠠᠴᠠ ᠢᠷᠡᠯᠲᠡ ᠲᠠᠢ
ᠨᠡᠶᠢᠲᠡᠯᠡᠭᠰᠡᠨ ᠴᠠᠭ᠄
2023/11/2
     1. ᠭᠠᠭᠴᠠᠭᠠᠷ ᠢᠶᠠᠨ ᠪᠠᠶᠢᠵᠦ ᠰᠣᠷᠬᠤ᠃ ᠭᠠᠭᠴᠠᠭᠠᠷ ᠪᠠᠶᠢᠬᠤ ᠪᠣᠯ ᠨᠢᠭᠡ ᠵᠦᠢᠯ ᠤᠨ ᠴᠢᠳᠠᠪᠤᠷᠢ ᠮᠥᠨ᠃ ᠨᠢᠭᠡ ᠬᠥᠮᠥᠨ ᠤ ᠶᠢᠷᠲᠢᠨᠴᠦ ᠳᠤ᠂ ᠥᠪᠡᠷ ᠢ ᠪᠠᠨ ᠰᠠᠶᠢᠲᠤᠷ ᠳᠣᠬᠢᠷᠠᠭᠤᠯᠵᠦ᠂ ᠳᠣᠲᠣᠭᠠᠳᠤ ᠰᠡᠳᠬᠢᠯ ᠢᠶᠠᠨ    ᠮᠡᠳᠡᠷᠡᠨ᠂ ᠡᠷᠬᠡ ᠴᠢᠯᠦᠭᠡ ᠲᠠᠢ ᠪᠠᠷ ᠥᠪᠡᠷ ᠤᠨ ᠰᠠᠨᠠᠬᠰᠠᠨ ᠵᠦᠢᠯ ᠢᠶᠠᠨ ᠢᠯᠡᠷᠡᠭᠦᠯᠵᠦ᠂ ᠰᠡᠳᠬᠢᠯ ᠤᠨ ᠳᠣᠲᠣᠭᠠᠳᠤ ᠬᠦᠴᠦᠨ ᠴᠢᠳᠠᠯ ᠢᠶᠠᠨ ᠠᠭᠤᠳᠠᠯᠯᠠᠵᠦ ᠠᠮᠢᠳᠣᠷᠠᠬᠤ ᠳᠤ ᠭᠠᠭᠴᠠᠭᠠᠷ ᠪᠠᠶᠢᠬᠤ ᠦᠶ᠎ᠡ ᠳᠣᠰᠠᠯᠠᠳᠠᠭ᠃                            2. ᠦᠬᠡᠳᠡᠷᠬᠡᠭ ᠪᠠᠶᠢᠵᠦ ᠰᠣᠷᠬᠤ᠃ ᠠᠮᠢᠳᠤᠷᠠᠯ ᠪᠣᠯ ᠦᠪᠡᠷ ᠢ ᠪᠠᠨ ᠳᠣᠯᠢᠳᠠᠬᠤ ᠲᠣᠯᠢ ᠮᠥᠨ᠃ ᠴᠢᠮᠠᠶᠢ ᠪᠠᠶᠠᠷᠳᠠᠢ‌ᠦᠶ᠎ᠡ ᠳᠤ ᠲᠡᠷᠡ ᠥᠭᠡᠳᠡ ᠠᠴᠠ ᠴᠢᠨᠢ ᠮᠦᠰᠢᠶᠡᠵᠦ ᠪᠠᠶᠢᠳᠠᠭ᠃ ᠭᠤᠨᠢᠬᠯᠠᠪᠠᠯ ᠮᠦᠨ ᠳᠠᠭᠠᠭᠠᠳ ᠭᠤᠨᠢᠬᠳᠠᠢ ᠬᠠᠷᠠᠭᠳᠠᠳᠠᠭ᠃ ᠡᠶᠢᠮᠦ ᠠᠴᠠ ᠦᠩᠭᠡᠷᠡᠭᠰᠡᠨ ᠢ ᠮᠠᠷᠳᠠᠵᠦ᠂ ᠣᠷᠣᠬᠰᠢ ᠪᠠᠨ ᠬᠠᠷᠠᠵᠦ᠂ ᠦᠭᠡᠳᠡᠷᠭᠡᠭ ᠠᠮᠢᠳᠣᠷᠠᠬᠤ ᠶᠤᠰᠤᠳᠠᠢ᠃                              3. ᠦᠪᠡᠷ ᠤᠨ ᠬᠢ ᠪᠠᠷ ᠢᠶᠠᠨ ᠰᠡᠳᠬᠢᠵᠦ ᠰᠣᠷᠬᠤ᠃ ᠨᠠᠷᠢᠨ ᠪᠤᠳᠤᠯᠢᠶᠠᠨᠲᠠᠢ ᠭᠡᠷᠡᠭ ᠶᠠᠪᠤᠳᠠᠯ ᠤᠨ ᠡᠮᠦᠨ᠎ᠡ᠂ ᠬᠡᠷᠪᠡ ᠪᠡᠶ᠎ᠡ ᠪᠠᠨ ᠳᠠᠭᠠᠭᠠᠵᠤ ᠦᠪᠡᠷ ᠤᠨ ᠬᠢ ᠪᠠᠷ ᠢᠶᠠᠨ ᠰᠡᠳᠬᠢᠬᠦ ᠴᠢᠳᠠᠪᠤᠷᠢ ᠦᠭᠡᠢ ᠪᠣᠯ ᠣᠶᠤᠨᠴᠢ ᠮᠠᠭᠠᠳᠯᠠᠯᠲᠠ ᠪᠠᠨ ᠠᠯᠳᠠᠬᠤ ᠳᠤ ᠬᠦᠷᠦᠨ᠎ᠡ᠃ ᠰᠢᠢᠳᠪᠦᠷᠢ ᠭᠠᠷᠭᠠᠬᠤ ᠠᠴᠠ ᠪᠠᠨ ᠡᠮᠦᠨ᠎ᠡ᠂ ᠥᠪᠡᠷ ᠤᠨ ᠪᠡᠶ᠎ᠡ ᠳᠡᠭᠡᠨ ᠢᠯᠡᠭᠦᠬᠡᠨ  ᠰᠡᠳᠬᠢᠬᠦ  ᠴᠠᠭ  ᠥᠭᠴᠦ᠂ ᠦᠷᠭᠦᠯᠵᠢ ᠰᠡᠳᠬᠢᠪᠡᠯ ᠰᠠᠶ᠋ᠢ ᠠᠯᠬᠤᠮ ᠳᠠᠪᠰᠢᠵᠤ ᠲᠠᠶᠢᠯᠤᠨ᠎ᠠ᠃ ᠪᠤᠰᠤᠳ ᠢ ᠰᠣᠬᠤᠷ ᠪᠠᠯᠠᠢ ᠪᠠᠷ ᠳᠠᠭᠠᠬᠤ ᠭᠡᠷᠡᠭ ᠦᠬᠡᠢ᠃                             4. ᠰᠤᠷᠤᠯᠴᠠᠬᠤ ᠶᠢ ᠪᠠᠷᠢᠮᠳᠠᠯᠠᠬᠤ᠃  ᠡᠳᠦᠷ ᠪᠦᠷᠢ ᠵᠣᠬᠢᠬᠤ ᠴᠠᠭ ᠭᠠᠷᠭᠠᠨ ᠰᠤᠷᠤᠯᠴᠠᠵᠤ᠂ ᠮᠡᠳᠡᠯᠬᠡ ᠪᠠᠨ ᠥᠷᠭᠡᠳᠬᠡᠨ᠂ ᠪᠤᠯᠪᠠᠰᠣᠷᠠᠯ ᠢᠶᠠᠨ ᠳᠡᠭᠡᠭᠰᠢᠯᠡᠭᠦᠯᠪᠡᠯ ᠰᠠᠶ᠋ᠢ  ᠠᠮᠢᠳᠤᠷᠠᠯ ᠢ ᠠᠷᠭᠠᠴᠠᠭᠠᠬᠤ ᠢᠳᠡᠬᠡᠯ  ᠬᠦᠴᠦᠨ ᠲᠠᠢ ᠪᠣᠯᠵᠤ ᠴᠢᠳᠠᠨ᠎ᠠ᠃ ᠤᠳᠬ᠎ᠠ ᠠᠭᠤᠯᠭ᠎ᠠ ᠲᠠᠢ ᠶᠠᠪᠤᠳᠠᠯ ᠳᠡᠭᠡᠷ᠎ᠡ ᠢᠯᠡᠬᠦᠦ ᠴᠠᠭ ᠬᠤᠭᠤᠴᠠᠭ᠎ᠠ ᠵᠠᠷᠤᠴᠠᠭᠤᠯᠵᠤ᠂  ᠰᠢᠨᠲᠠᠷᠠᠰᠢ  ᠦᠭᠡᠢ ᠪᠠᠷᠢᠮᠲᠠᠯᠠᠨ᠂ ᠰᠠᠶᠢᠨ ᠢ ᠬᠥᠭᠡᠭᠡᠴᠡᠯᠳᠦᠪᠡᠯ ᠰᠠᠶ᠋ᠢ ᠥᠪᠡᠷ ᠤᠨ ᠬᠦᠰᠡᠵᠦ ᠰᠠᠨᠠᠭᠰᠠᠨ ᠠᠮᠢᠳᠤᠷᠠᠯ ᠢ ᠡᠳ᠋ᠯᠡᠵᠦ ᠴᠢᠳᠠᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号