ᠡᠶᠢᠮᠦ ᠮᠠᠶᠢᠰᠧᠵᠧ ᠣᠯᠪᠠᠯ ᠲᠦᠷᠭᠡᠨ ᠬᠠᠰᠤᠵᠤ ᠬᠠᠶᠠ︕
ᠨᠡᠶᠢᠲᠡᠯᠡᠭᠰᠡᠨ ᠴᠠᠭ᠄
2023/11/2
     ︽ᠲᠠ XX ᠬᠤᠷᠠᠮᠳᠤᠯ ᠬᠤᠪᠢ ᠶᠢ ᠬᠡᠷᠡᠭᠯᠡᠭᠰᠡᠨ ᠦᠭᠡᠢ᠂ ᠬᠤᠭᠤᠴᠠᠭ᠎ᠠ ᠨᠢ ᠲᠤᠯᠪᠠᠯ ᠬᠦᠴᠦᠨ ᠦᠭᠡᠢ ᠪᠣᠯᠣᠨ᠎ᠠ᠂ ᠲᠡᠷᠡ ᠳᠠᠷᠤᠢ ᠳᠤᠨᠢ ᠬᠤᠷᠠᠮᠳᠤᠯ ᠬᠤᠪᠢ ᠶᠢᠨ ᠬᠤᠳᠠᠯᠳᠤᠭᠠᠨ ᠳᠤ ᠣᠷᠣᠵᠤ ᠪᠦᠳᠦᠬᠡᠭᠳᠡᠬᠦᠨ    ᠰᠣᠯᠢᠭᠠᠷᠠᠢ︾ ᠬᠡᠬᠦ ᠮᠡᠳᠦ ᠶᠢᠨ ᠮᠠᠶᠢᠰᠧᠵᠧ ︵ᠭᠠᠷ ᠤᠳᠠᠰᠤᠨ ᠤ ᠤᠬᠤᠷ ᠴᠢᠮᠡᠭᠡ︶ ᠢᠷᠡᠪᠡᠯ ᠬᠠᠷᠢᠨ ᠪᠤᠯᠭᠤᠮᠵᠢᠳᠠᠢ ᠪᠠᠶᠢᠭᠠᠷᠠᠢ᠂ ᠮᠦᠩᠬᠦ ᠵᠤᠭᠤᠰ ᠢ ᠴᠢᠨᠢ ᠮᠡᠬᠡᠯᠡᠬᠦ ᠤᠷᠠᠬ᠎ᠠ ᠪᠠᠶᠢᠵᠦ ᠮᠡᠳᠡᠬᠦ ᠶᠤᠮ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠶᠢᠮᠦᠷᠬᠦ ︽ᠬᠤᠪᠢ ᠬᠤᠷᠠᠮᠳᠤᠭᠤᠯᠵᠤ ᠰᠣᠯᠢᠬᠤ︾ ᠮᠠᠶᠢᠰᠧᠵᠧ ᠨᠢ ᠶᠡᠷᠦ ᠳᠡᠭᠡᠨ ᠬᠡᠷᠡᠭᠯᠡᠭᠴᠢᠳ ᠢ ᠶᠠᠭᠠᠷᠠᠭᠤᠯᠵᠦ ᠪᠠᠶᠢᠭᠠᠳ ᠴᠢᠨᠠᠷ ᠮᠠᠭᠤᠲᠠᠢ ᠡᠳ᠋ ᠬᠤᠳᠠᠯᠳᠤᠨ ᠠᠪᠤᠭᠤᠯᠳᠠᠭ ᠶᠤᠮ ᠪᠠᠶᠢᠨ᠎ᠠ᠃      ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠬᠡᠷᠡᠭᠯᠡᠭᠴᠢᠳ ᠦᠨ᠎ᠡ ᠶᠢᠨ ᠵᠥᠷᠢᠶ᠎ᠡ ᠶᠢ ᠨᠥᠬᠦᠪᠦᠷᠢᠯᠡᠬᠦ᠂ ᠪᠡᠯᠡᠨ ᠵᠣᠭᠤᠰ ᠲᠠᠢ ᠬᠤᠯᠪᠤᠬᠤ ᠵᠡᠷᠭᠡ ᠬᠡᠯᠪᠡᠷᠢ ᠪᠠᠷ ᠲᠠᠸᠠᠷ ᠪᠤᠶᠤ ᠦᠢᠯᠡᠴᠢᠯᠡᠭᠡ ᠬᠤᠳᠠᠯᠳᠤᠨ ᠠᠪᠬᠤ ᠳᠤ ᠬᠤᠪᠢ ᠬᠤᠷᠠᠮᠳᠤᠭᠤᠯᠵᠤ ᠵᠣᠭᠤᠰ ᠰᠣᠯᠢᠬᠤ ᠠᠵᠢᠯᠯᠠᠭ᠎ᠠ ᠲᠣᠬᠢᠶᠠᠯᠳᠤᠪᠠᠯ᠂ ᠪᠣᠯᠭᠤᠮᠵᠢᠲᠠᠢ ᠬᠡᠷᠡᠭᠯᠡᠵᠦ᠂ ᠲᠠᠸᠠᠷ ᠤᠨ ᠮᠡᠳᠡᠭᠡ ᠵᠠᠩᠭᠢ ᠪᠠ ᠪᠣᠳᠠᠲᠠᠢ ᠥᠷᠲᠡᠭ ᠢ ᠨᠢ ᠰᠠᠶᠢᠨ ᠦᠵᠡᠬᠦ ᠬᠡᠷᠡᠭᠲᠡᠢ︔ ᠮᠡᠬᠡᠯᠡᠭᠳᠡᠭᠰᠡᠨ ᠪᠠᠶᠢᠪᠠᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠰᠦᠯᠵᠢᠶᠡᠨ ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠪᠤᠶᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠳᠤ ᠢᠯᠡᠴᠢᠯᠡᠨ ᠮᠡᠳᠡᠬᠦᠯᠬᠦ ᠬᠡᠷᠡᠭᠲᠡᠢ ᠭᠡᠵᠠᠢ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号