ᠵᠤᠤ ᠶᠢᠨ ᠲᠠᠯ᠎ᠠ ᠵᠡᠭᠡᠯᠢ ᠭᠤᠳᠤᠮᠵᠢ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠲᠦᠭ ᠲᠦᠮᠡᠨ ᠡᠷᠦᠬᠡ ᠳᠤ ᠣᠷᠣᠭᠤᠯᠬᠤ ᠶᠢ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/11/20
     ᠠᠮᠢᠳᠤᠯᠢᠭ ᠢᠶᠠᠷ ᠠᠵᠢᠯ ᠤᠯᠤᠬᠰᠠᠳ ᠲᠤ ᠨᠥᠬᠦᠪᠥᠷᠢ ᠦᠭᠭᠦ ᠲᠦᠷᠦ ᠶᠢᠨ ᠪᠤᠳᠤᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠲᠤᠰᠢᠶᠠᠬᠤ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ ᠵᠤᠤ ᠶᠢᠨ ᠲᠠᠯ᠎ᠠ ᠵᠡᠭᠡᠯᠢ ᠭᠤᠳᠤᠮᠵᠢ ᠶᠢᠨ ᠬᠢᠨ ᠸᠢᠴᠠᠲ᠂ ᠨᠡᠶᠢᠲᠡ ᠶᠢᠨ ᠲᠠᠪᠴᠠᠩ᠂ ᠸᠢᠴᠠᠲ ᠬᠤᠯᠪᠣᠭ᠎ᠠ᠂ ᠤᠬᠠᠭᠤᠯᠭ᠎ᠠ ᠶᠢᠨ ᠪᠤᠯᠤᠩ᠂ ᠡᠷᠦᠭᠡ ᠳᠤ ᠤᠷᠤᠵᠤ ᠤᠬᠠᠭᠤᠯᠬᠤ ᠵᠢᠴᠢ ᠮᠡᠳᠡᠭᠳᠡᠯ ᠨᠠᠭᠠᠬᠤ ᠵᠡᠷᠭᠡ ᠬᠡᠯᠪᠡᠷᠢ ᠪᠠᠷ ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠦᠭᠭᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠤᠬᠠᠭᠤᠯᠵᠤ᠂ ᠤᠯᠠᠨ ᠲᠦᠮᠡᠨ ᠤ ᠬᠠᠮᠢᠶ᠎ᠠ ᠪᠦᠬᠦᠢ ᠯᠠᠪᠯᠠᠭ᠎ᠠ ᠳᠤ 500 ᠭᠠᠷᠤᠢ ᠬᠠᠷᠢᠭᠤᠯᠲᠠ ᠵᠤᠷᠪᠤᠰ ᠥᠭᠴᠦ᠂ ᠤᠯᠠᠨ ᠲᠦᠮᠡᠨ ᠤ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ 348 ᠬᠦᠮᠦᠨ ᠨᠥᠬᠦᠪᠥᠷᠢ ᠦᠭᠬᠦ ᠶᠢ ᠬᠢᠨᠠᠨ ᠵᠥᠪᠰᠢᠶᠡᠷᠡᠬᠦ ᠳᠤ ᠬᠢᠷᠢ ᠲᠡᠩᠴᠡᠭᠰᠡᠨ ᠪᠠᠶᠢᠵᠤ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 228 ᠲᠦᠮᠡ ᠭᠠᠷᠤᠶ ᠲᠥᠭᠦᠷᠢᠭ ᠲᠤ ᠬᠦᠷᠴᠡᠶ᠃ ᠵᠢᠱᠢᠯᠲᠠ ᠪᠠᠷ ᠠᠮᠢᠳᠤᠯᠢᠭ ᠢᠶᠠᠷ ᠠᠵᠢᠯ ᠤᠯᠤᠬᠰᠠᠳ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ 228.67 ᠲᠦᠮᠡᠨ ᠲᠥᠭᠦᠷᠢᠭ ᠲᠠᠷᠬᠠᠭᠠᠬᠤ ᠪᠤᠯᠤᠨ᠎ᠠ︔ ᠠᠵᠢᠯ ᠤᠯᠬᠤ ᠳᠤ ᠬᠦᠴᠢᠷᠲᠡᠶ 348 ᠬᠥᠮᠦᠨ ᠳᠤ ᠠᠰᠢᠭ ᠬᠦᠷᠲᠡᠭᠡᠪᠡ᠃ ︵ᠵᠤᠤ ᠶᠢᠨ ᠲᠠᠯ᠎ᠠ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号