ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠠᠯ ᠤᠨ ᠲᠡᠮᠳᠡᠭᠯᠡᠯ ︵2023 ᠣᠨ ᠤ 9 — 10 ᠰᠠᠷ᠎ᠠ︶
ᠨᠡᠶᠢᠲᠡᠯᠡᠭᠰᠡᠨ ᠴᠠᠭ᠄
2023/11/20
ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠠᠯ ᠤᠨ ᠲᠡᠮᠳᠡᠭᠯᠡᠯ                ︵2023 ᠣᠨ ᠤ 9 — 10 ᠰᠠᠷ᠎ᠠ︶      9 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠶᠠᠩ ᠶᠦᠩ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ 8 ᠰᠠᠷ᠎ᠠ ᠶᠢᠨ 17 ᠤ    ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠮᠥᠨ︾ ᠭᠡᠬᠦ ᠨᠡᠷ᠎ᠡ ᠬᠠᠳᠠᠭᠰᠠᠨ ᠵᠣᠬᠢᠶᠠᠯ ᠢ ᠤᠯᠠᠮᠵᠢᠯᠠᠨ ᠰᠤᠷᠤᠯᠴᠠᠪᠠ︔ ︽ᠠᠵᠢᠯ ᠣᠯᠭᠤᠵᠤ ᠦᠢᠯᠡᠰ  ᠪᠤᠰᠬᠠᠬᠤ ᠠᠵᠢᠯ ᠤᠨ ᠬᠤᠯᠪᠣᠭᠠᠯᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ         ᠨᠤᠤᠷᠠᠭ︶︾᠂ ︽ᠨᠥᠬᠦᠷᠯᠡᠯ ᠠᠷᠪᠠ ᠶᠢᠰᠦᠳᠦᠭᠡᠷ ᠬᠤᠷᠢᠶᠠᠯᠠᠯ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠨᠠᠶᠢᠳᠠᠨ ᠡᠵᠡᠩᠨᠡᠭᠦᠯᠬᠦ ᠵᠥᠪᠯᠡᠯᠴᠡᠭᠡᠷ ︵ ᠬᠦᠷᠬᠡᠨ ᠬᠢᠨᠠᠭᠤᠯᠬᠤ ᠨᠤᠤᠷᠠᠭ︶︾᠂ ︽ᠠᠵᠤ ᠦᠢᠯᠡᠳᠪᠦᠷᠢ    ᠠᠷᠠᠯᠵᠢᠶ᠎ᠠ ᠶᠢᠨ ᠰᠠᠯᠭᠠᠬᠤ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ︵ᠬᠦᠷᠬᠡᠨ ᠬᠢᠨᠠᠭᠤᠯᠬᠤ ᠨᠤᠤᠷᠠᠭ︶︾᠂ ︽ᠱᠠᠩᠬᠠᠶ ᠶᠢᠨ ᠺᠠᠩ ᠲᠠᠨ ᠨᠠᠶᠢᠯᠠᠮᠠᠯ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠡᠭᠦᠷᠡᠰᠦᠳᠦ᠋ᠷᠦᠭᠴᠢ / ᠨᠡᠭᠦᠷᠡᠰᠦᠳᠦ᠋ᠷᠦᠭᠴᠢᠲᠦ  ᠨᠡᠶᠢᠯᠡᠮᠡᠯ ᠮᠠᠲ᠋ᠧᠷᠢᠶᠠᠯ  ᠤᠨ ᠦᠢᠯᠡᠳᠪᠦᠷᠢᠯᠡᠯ ᠤᠨ ᠰᠠᠭᠤᠷᠢᠨ ᠤ ᠬᠤᠶᠠᠳᠤᠭᠠᠷ ᠬᠤᠭᠤᠴᠠᠭ᠎ᠠ ᠶᠢᠨ ᠲᠦᠷᠦᠯ ᠵᠦᠢᠯ ᠤᠨ ᠪᠡᠯᠡ ᠤᠷᠤᠭᠤᠯᠬᠤ ᠵᠦᠪᠯᠡᠯᠴᠡᠬᠡᠷ ᠤᠨ ᠪᠢᠴᠢᠭ ︵ᠬᠦᠷᠬᠡᠨ ᠬᠢᠨᠠᠭᠤᠯᠬᠤ  ᠨᠤᠤᠷᠠᠭ︶  ︾᠂ ︽ᠪᠤᠭᠤᠳᠤ ᠬᠤᠳᠠ ᠶᠢᠨ ᠺᠦᠨ ᡁᠢ ᠳ᠋ᠤᠤ ᠰᠢᠨ᠎ᠡ ᠡᠨᠧᠷᠬᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠰᠢᠨ᠎ᠡ ᠡᠨᠧᠷᠬᠢ ᠶᠢ ᠡᠬᠢ ᠪᠠᠶᠠᠯᠢᠬᠵᠢᠭᠤᠯᠤᠨ ᠠᠰᠢᠬᠯᠠᠬᠤ ᠰᠠᠭᠤᠷᠢᠨ ᠤ ᠲᠦᠷᠦᠯ ᠵᠦᠢᠯ ᠤᠨ ᠪᠡᠯᠡ ᠤᠷᠤᠭᠤᠯᠬᠤ ᠵᠦᠪᠯᠡᠯᠴᠡᠬᠡᠷ ᠤᠨ ᠪᠢᠴᠢᠭ ︵ᠬᠦᠷᠬᠡᠨ ᠬᠢᠨᠠᠭᠤᠯᠬᠤ  ᠨᠤᠤᠷᠠᠭ︶︾᠂ ︽ᠵᠧᠵᠢᠶᠠᠩ ᠤᠨ ᠯᠢᠩ ᠲᠦᠸᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠳᠤ ᠬᠢᠵᠠᠭᠠᠷᠳᠤ ᠺᠤᠮᠫᠠᠨᠢ ᠶᠢᠨ ᠬᠡᠲᠦ ᠲᠠᠯᠠᠰᠲᠤ ᠪᠠᠯ ᠴᠢᠯᠠᠭᠤ ᠶᠢᠨ ᠠᠯᠺᠧᠨ ᠪᠦᠷᠬᠦᠪᠴᠢ ᠶᠢᠨ ᠢᠯᠴᠢ ᠳᠠᠮᠵᠢᠭᠤᠯᠬᠤ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠤ ᠲᠥᠷᠥᠯ    ᠵᠦᠢᠯ ᠤᠨ ᠪᠠᠯᠠ ᠣᠷᠣᠭᠤᠯᠬᠤ ᠵᠥᠪᠯᠡᠯᠴᠡᠭᠡᠷ ᠤᠨ ᠪᠢᠴᠢᠭ ︵ᠬᠦᠷᠭᠡᠨ ᠬᠢᠨᠠᠭᠤᠯᠬᠤ ᠨᠤᠤᠷᠠᠭ︶︾᠂ ︽ᠲᠠᠭᠠᠭᠤᠯᠢ ᠤᠳᠤᠨ ᠤ ᠭᠠᠵᠠᠷ ᠤᠨ ᠵᠢᠷᠤᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠶᠤᠨᠴᠢ ᠲᠤᠨᠤᠬᠯᠠᠯ ᠦᠶᠯᠡᠳᠬᠦ ᠰᠠᠭᠤᠷᠢᠨ ᠵᠢᠴᠢ ᠹᠦᠳᠠᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠰᠠᠭᠤᠷᠢᠨ ᠤ ᠪᠠᠯᠠ ᠣᠷᠣᠭᠤᠯᠬᠤ ᠵᠥᠪᠳᠡᠯᠴᠡᠬᠡᠷ ᠤᠨ ᠪᠢᠴᠢᠭ ︵ᠬᠦᠷᠬᠡᠨ ᠬᠢᠨᠠᠭᠤᠯᠬᠤ         ᠨᠤᠤᠷᠠᠭ︶︾ ︽ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠰᠠᠭᠤᠷᠢ  ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ppp ᠲᠥᠷᠥᠯ ᠵᠦᠶᠯ ᠤᠨ ᠵᠣᠭᠤᠰ ᠢ ᠪᠤᠴᠠᠭᠠᠬᠤ ᠵᠥᠪᠳᠡᠯᠴᠡᠬᠡᠷ ︵ᠬᠦᠷᠬᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠦᠪᠯᠡᠪᠡ︔ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠬᠢᠭᠡᠳ ᠬᠤᠲᠠ ᠶᠢᠨ ᠪᠣᠬᠢᠷ ᠰᠢᠪᠠᠷ ᠢ ᠬᠠᠭᠤᠷᠠᠶᠢᠳᠠᠭᠤᠯᠵᠤ ᠰᠢᠲᠠᠭᠠᠵᠤ ᠰᠢᠶᠳᠪᠦᠷᠢᠯᠡᠬᠦ ᠲᠥᠷᠥᠯ ᠵᠦᠶᠯ ᠤᠨ ᠬᠠᠮᠢᠶ᠎ᠠ ᠪᠥᠬᠦᠶ ᠬᠡᠯᠡᠯᠴᠡᠭᠡᠷ ᠢ ᠬᠦᠴᠦᠨ ᠥᠬᠡᠶ ᠪᠣᠯᠭᠠᠬᠤ ᠲᠤᠬᠠᠶ ᠪᠠᠶᠢᠳᠠᠯ ᠤᠨ ᠬᠠᠷᠢᠭᠤ ᠮᠡᠳᠡᠭᠦᠯᠦᠯᠲᠡ᠂ ᠭᠠᠵᠠᠷ ᠰᠢᠷᠣᠶ ᠶᠢ ᠲᠠᠲᠠᠪᠤᠷᠢᠯᠠᠨ ᠨᠤᠷᠠᠭᠠᠬᠤ ᠵᠢᠴᠢ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠪᠠᠯᠠ ᠮᠥᠩᠭᠦ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ 2023 ᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠳᠠᠨ ᠤᠷᠢᠵᠤ ᠡᠯᠰᠡᠬᠦ ᠠᠵᠢᠯ ᠤᠨ ᠤᠷᠢᠵᠤ ᠬᠡᠷᠡᠭᠯᠡᠬᠦ ᠪᠠᠷ ᠪᠠᠶᠢᠭ᠎ᠠ ᠰᠠᠨᠠᠯ ᠤᠨ ᠲᠤᠬᠠᠶ ᠬᠠᠷᠢᠭᠤ ᠮᠡᠳᠡᠭᠦᠯᠦᠯᠲᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠭᠡ ᠶᠢ ᠰᠢᠯᠵᠢᠭᠦᠯᠦᠭᠰᠡᠨ ᠠᠰᠢᠭ ᠣᠷᠣᠯᠭ᠎ᠠ ᠶᠢᠨ ᠪᠠᠯᠠ ᠮᠥᠩᠭᠦ ᠶᠢᠨ ᠬᠡᠷᠡᠭᠯᠡᠯᠳᠡ ᠵᠢᠴᠢ ᠯᠦᠩ ᠮᠠ ᠶᠢᠨ ᠲᠥᠷᠥᠯ ᠵᠦᠢᠯ ᠤᠨ ᠪᠠᠯᠠ ᠮᠥᠩᠭᠦ ᠶᠢ ᠥᠭᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     9 ᠰᠠᠷ᠎ᠠ ᠶᠢᠨ 6 ᠤ ᠡᠳᠦᠷ᠂ ︽ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠪᠠᠶᠢᠭᠤᠯᠤᠶ᠎ᠠ — ᠬᠥᠨᠳᠡᠯᠡᠨ ᠲᠣᠭᠤᠷᠢᠭ ᠤᠨ ᠭᠤᠴᠢ ᠶᠢᠰᠦᠳᠡᠬᠢ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠲᠡᠷᠢᠭᠦᠨ ᠤ ᠬᠢ ᠶᠢ ᠬᠥᠬᠢᠭᠦᠯᠦᠨ ᠱᠠᠩᠨᠠᠬᠤ ᠶᠣᠰᠣᠯᠠᠯ︾ ᠬᠤᠲᠠ ᠶᠢᠨ ᠨᠢᠭᠡᠳᠦᠭᠡᠷ ᠰᠣᠶᠣᠯ ᠤᠨ ᠣᠷᠳᠣᠨ ᠳᠤ ᠶᠠᠪᠤᠭᠳᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠱᠠᠩᠨᠠᠯ ᠣᠯᠭᠤᠬᠤ ᠶᠣᠰᠣᠯᠠᠯ ᠢ ᠡᠷᠭᠢᠯᠡᠪᠡ᠃ ᠲᠤᠭᠤᠷᠢᠭ ᠤᠨ ᠳᠡᠳ᠋ ᠳᠠᠷᠤᠭ᠎ᠠ ᠵᠠᠩ ᠬᠤᠸᠠ ︽ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ 2023 ᠣᠨ ᠤ ᠰᠤᠷᠭᠠᠨ ᠬᠥᠮᠦᠵᠢᠯ ᠤᠨ ᠠᠵᠢᠯ ᠤᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠣᠭᠲᠠᠭᠠᠯ︾ ᠢ ᠤᠩᠰᠢᠨ ᠨᠡᠶᠢᠲᠡᠯᠡᠪᠡ᠂ ᠲᠤᠬᠠᠶ ᠶᠢᠨ ᠲᠠᠯᠠᠪᠠᠶ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠵᠡᠷᠭᠡ 20 ︽ᠰᠤᠷᠭᠠᠨ ᠬᠥᠮᠦᠵᠢᠯ ᠤᠨ ᠠᠵᠢᠯ ᠤᠨ ᠲᠡᠷᠢᠭᠦᠨ ᠤ ᠬᠠᠮᠲᠤ︾᠂ ᠯᠠᠶ ᠱᠤ᠋ ᠱᠧᠩ ᠵᠡᠷᠭᠡ 11 ᠨᠡᠷᠡᠰ ︽ᠰᠤᠷᠭᠠᠨ       ᠬᠥᠮᠦᠵᠢᠯ ᠤᠨ ᠵᠢᠭᠠᠨ ᠰᠤᠷᠭᠠᠯᠲᠠ ᠶᠢᠨ ᠲᠠᠶᠢᠴᠢᠯᠠᠬᠴᠢ ᠴᠢᠳᠠᠪᠤᠷᠢᠲᠠᠨ︾᠂ ᠶᠠᠨ ᠺᠠᠶ ᠪᠥᠸᠧ ᠵᠡᠷᠭᠡ 50 ᠨᠡᠷᠡᠰ ︽ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠣᠷᠦ᠋ᠢᠯᠠᠭᠰᠠᠨ ᠴᠢᠳᠠᠪᠤᠷᠢᠲᠠᠨ︾᠂ ᠵᠧᠩ ᠰᠢᠶᠤᠤ ᠷᠦᠩ ᠵᠡᠷᠭᠡ 70 ᠨᠡᠷᠡᠰ ︽ᠪᠠᠭᠰᠢ ᠶᠢᠨ ᠶᠣᠰᠣ ᠮᠣᠷᠠᠯ ᠤᠨ ᠵᠢᠱᠢᠶᠡᠴᠢ︾᠂ ᠴᠢ ᠬᠠᠢ ᠱᠧᠩ ᠵᠡᠷᠭᠡ 95 ᠨᠡᠷᠡᠰ ︽ᠰᠢᠯᠢᠳᠡᠭ    ᠪᠠᠭᠰᠢ︾᠂ ᠼᠠᠢ ᡁᠢ ᠶᠠᠨ ᠵᠡᠷᠭᠡ 60 ᠨᠡᠷᠡᠰ ︽ᠰᠢᠯᠢᠳᠡᠭ ᠠᠩᠭᠢ ᠶᠢᠨ ᠡᠷᠬᠢᠯᠡᠭᠴᠢ︾᠂ ᠭᠦᠸᠧ ᠰᠢᠶᠣᠤ ᠶᠠᠨ ᠵᠡᠷᠭᠡ 45 ᠨᠡᠷᠡᠰ ︽ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ︾᠂ ᠰᠢᠤᠢ ᠯᠢ ᠰᠢᠨ ᠵᠡᠷᠭᠡ 13 ᠨᠡᠷᠡᠰ ︽ᠰᠢᠯᠢᠳᠡᠭ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ︾᠂ ᠵᠧᠤ ᠶᠢᠩ ᠵᠡᠷᠭᠡ 60 ᠨᠡᠷᠡᠰ ︽ᠰᠢᠯᠢᠳᠡᠭ ᠵᠠᠯᠠᠭᠤ ᠪᠠᠭᠰᠢ︾᠂ ᠢᠦᠢ ᠹᠦ᠋ ᠢ ᠵᠡᠷᠭᠡ 38 ᠨᠡᠷᠡᠰ ︽ᠰᠢᠯᠢᠳᠡᠭ ᠰᠤᠷᠭᠠᠨ ᠬᠥᠮᠦᠵᠢᠯ ᠢ ᠳᠡᠮᠵᠢᠭᠰᠡᠨ ᠪᠠᠭᠰᠢ︾ ᠶᠢ ᠬᠥᠬᠢᠭᠦᠯᠦᠨ ᠰᠠᠶᠢᠰᠢᠶᠠᠪᠠ᠃ ᠬᠤᠲᠠ ᠶᠢᠨ ᠳᠡᠳ᠋ ᠳᠠᠷᠤᠭ᠎ᠠ ᠯᠢᠦ ᠶᠦᠩ ᠰᠢᠶᠠᠩ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠵᠠᠬᠢᠷᠤᠯ ᠷᠧᠨ ᠡᠾᠦ᠋ᠢ ᠫᠢᠩ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠶᠠᠩ ᠬᠠᠶ ᠶᠠᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ ᠸᠠᠩ ᠸᠧᠶ ᠹᠧᠩ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠯᠢ ᠵᠢᠶᠦ᠋ᠨ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠳᠡᠳ᠋ ᠡᠷᠬᠢᠯᠡᠭᠴᠢ ᠮᠠ ᠸᠧᠶ ᠫᠢᠩ᠂ ᠲᠣᠭᠤᠷᠢᠭ ᠤᠨ ᠤᠳᠤᠷᠢᠳᠤᠯᠭ᠎ᠠ ᠵᠠᠶ ᠶᠦᠨ  ‍ᠤᠤᠢ᠂ ᠵᠠᠩ ᠵᠢᠶᠦ᠋ᠨ ᠪᠦᠦ᠂ ᠯᠢᠦ ᠷᠦᠢ ᠯᠦᠩ᠂ ᠵᠠᠩ ᠭᠦᠸᠧ ᠴᠢᠶᠠᠩ᠂ ᠹᠠᠨ ᠬᠤᠩ ᠴᠢᠶᠠᠩ᠂ ᠵᠧᠤ ᠰᠢᠤᠸᠠᠢ ᠯᠢᠶᠠᠩ᠂ ᠢᠦᠶ ᠷᠦᠢ ᠴᠢᠩ᠂ ᠸᠠᠩ ᠸᠧᠶ᠂ ᠵᠠᠩ ᠬᠤᠸᠠ᠂ ᠨᠢᠦ ᠱᠢ ᠸᠠᠩ ᠱᠠᠩᠨᠠᠯ ᠣᠯᠭᠤᠬᠤ ᠶᠣᠰᠣᠯᠠᠯ ᠳᠤ ᠣᠷᠣᠯᠴᠠᠪᠠ᠃      9 ᠰᠠᠷ᠎ᠠ ᠶᠢᠨ 11 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂   ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠶᠠᠩ ᠶᠦᠩ᠂ ᠯᠢ ᠬᠤᠩ ᠢᠦᠶ᠂ ᠸᠠᠩ ᠰᠢᠤ ᠵᠢᠤᠸᠠᠨ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ    ᠰᠣᠶᠣᠯ ᠤᠨ ᠤᠯᠠᠮᠵᠢᠯᠠᠯ ᠬᠦᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 24 ᠳ᠋ᠤᠭᠡᠷ ᠤᠳᠠᠭ᠎ᠠ ᠶᠢᠨ ᠬᠤᠲᠠ ᠶᠢᠨ ᠳᠠᠷᠤᠭ᠎ᠠ ᠶᠢᠨ ᠠᠵᠢᠯ ᠤᠨ ᠬᠤᠷᠠᠯ ᠤᠨ ᠲᠣᠪᠴᠢ ᠶᠢ ᠤᠯᠠᠮᠵᠢᠯᠠᠨ ᠰᠤᠷᠤᠯᠴᠠᠪᠠ︔ ︽ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠬᠥᠨᠳᠡᠯᠡᠨ ᠲᠣᠭᠤᠷᠢᠭ ᠤᠨ ᠬᠡᠰᠡᠭ︶ ᠤ ᠬᠠᠮᠢᠶᠠᠷᠤᠯᠲᠠ ᠶᠢᠨ ᠠᠷᠭ᠎ᠠ  ︵ ᠬᠦᠷᠭᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ ︵ᠬᠦᠷᠭᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠬᠤᠸᠠ ᠶᠧ ᠤᠨᠴᠠᠭᠠᠢ ᠪᠤᠯᠤᠳ ᠤᠨ ᠵᠥᠪᠯᠡᠯᠴᠡᠭᠡᠷ ᠤᠨ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠰᠢᠨ᠎ᠡ ᠪᠠᠷ ᠨᠡᠮᠡᠭᠳᠡᠭᠰᠡᠨ ᠨᠡᠶᠢᠭᠡᠮ ᠲᠣᠭᠤᠷᠢᠭ ᠲᠤ ᠲᠤᠬᠢᠷᠠᠭᠤᠯᠤᠬᠰᠠᠨ ᠠᠵᠢᠯᠳᠠᠨ ︵ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠳᠠᠨ︶ ᠪᠣᠯᠤᠨ ᠵᠠᠷᠤᠳᠠᠯ ᠤᠨ ᠲᠥᠰᠦᠪ ᠤᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃     9 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠢᠦᠢ ᠵᠠᠨ ᠵᠢᠶᠠᠩ ᠨᠠᠷ ᠲᠤᠤ ᠲᠢᠶᠠᠨ ᠪᠦᠯᠦᠭᠯᠡᠯ ᠤᠨ ᠲᠤᠤ ᠪᠦᠦ ᠰᠤᠷᠭᠠᠨ ᠬᠥᠮᠦᠵᠢᠯ ᠤᠨ ᠣᠷᠣᠨ ᠪᠦᠰᠡ ᠶᠢᠨ ᠶᠡᠷᠦᠩᠬᠡᠢ ᠬᠢᠨᠠᠭᠴᠢ ᠺᠦᠩ ᠭᠤᠤ ᠺᠧ ᠲᠠᠢ ᠠᠭᠤᠯᠵᠠᠪᠠ᠃ ᠺᠦᠩ ᠭᠤᠤ ᠺᠧ ᠠᠵᠤ ᠠᠬᠤᠶᠢᠯᠠᠯ ᠤᠨ ᠢᠶᠠᠨ ᠬᠥᠭᠵᠢᠯᠲᠡ ᠶᠢᠨ ᠥᠩᠭᠡᠷᠡᠯᠲᠡ᠂ ᠭᠤᠣᠯ ᠪᠣᠯᠬᠤ ᠲᠤᠬᠠᠶᠢᠯᠠᠭᠰᠠᠨ ᠠᠵᠢᠯ ᠵᠡᠷᠭᠡ ᠦᠨᠳᠦᠰᠦᠨ ᠪᠠᠶᠢᠳᠠᠯ ᠢᠶᠠᠨ ᠲᠠᠨᠢᠯᠴᠠᠭᠤᠯᠪᠠ᠃ ᠬᠥᠨᠳᠡᠯᠡᠨ ᠲᠣᠭᠤᠷᠢᠭ ᠲᠤᠤ ᠲᠢᠶᠠᠨ ᠪᠦᠯᠦᠭᠯᠡᠯ ᠯᠦᠭᠡ ᠬᠠᠮᠲᠤᠷᠠᠯᠴᠠᠭᠠᠨ ᠤ ᠲᠣᠭᠲᠠᠴᠠ ᠪᠠᠶᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ ᠴᠢᠩᠭᠠᠳᠬᠠᠵᠤ᠂ ᠭᠠᠵᠠᠷ ᠣᠷᠣᠨ ᠤ ᠲᠦᠷᠦᠯ ᠲᠡᠮᠳᠡᠭ ᠢ ᠡᠭᠦᠳᠬᠦ ᠵᠢᠴᠢ ᠰᠣᠶᠣᠯ ᠵᠢᠭᠤᠯᠴᠢᠯᠠᠯ᠂ ᠴᠢᠳᠠᠪᠤᠷᠢᠲᠠᠨ ᠬᠥᠮᠦᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠪᠦᠬᠦ ᠲᠠᠯ᠎ᠠ ᠶᠢᠨ᠂ ᠤᠯᠠᠨ ᠬᠠᠷᠠᠭᠠᠰᠤ ᠶᠢᠨ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠭᠠᠵᠠᠷ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠠᠯᠬᠤᠮ ᠢ ᠲᠦᠷᠭᠡᠳᠬᠡᠨ ᠠᠬᠢᠭᠤᠯᠬᠤ ᠪᠤᠯᠤᠨ᠎ᠠ᠂ ᠵᠦᠩ ᠨᠠᠨ ᠤᠷᠭᠤᠮᠠᠯ ᠢᠶᠠᠷ ᠨᠡᠭᠦᠷᠡᠰᠦᠲᠥ᠋ᠷᠥᠭᠴᠢ ᠶᠢ ᠰᠢᠩᠭᠡᠭᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠠᠨ ᠯᠧ᠂ ᠵᠧᠵᠢᠶᠠᠩ ᠤᠨ ᠳ᠋ᠤᠤ ᠶᠢᠩ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠨ ᠯᠢᠶᠠᠩ ᠸᠧᠨ ᠵᠢᠴᠢ ᠲᠣᠭᠤᠷᠢᠭ ᠤᠨ ᠤᠳᠤᠷᠢᠳᠤᠯᠭ᠎ᠠ ᠢᠦᠢ ᠷᠦᠢ ᠴᠢᠩ᠂ ᠸᠠᠩ ᠰᠢᠤ ᠵᠢᠤᠸᠠᠨ᠂ ᠯᠢ ᠬᠤᠩ ᠢᠦᠢ ᠠᠭᠤᠯᠵᠠᠯᠲᠠ ᠳᠤ ᠣᠷᠣᠯᠴᠠᠪᠠ᠃     9 ᠰᠠᠷ᠎ᠠ ᠶᠢᠨ 23 ᠤ ᠡᠳᠦᠷ᠂  ᠲᠤᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠲᠤᠭᠤᠷᠢᠭ ᠤᠨ  ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ 19 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠡᠷᠭᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠢᠦᠶ ᠵᠠᠨ ᠵᠢᠶᠠᠩ᠂ ᠪᠥᠬᠦ ᠲᠠᠯ᠎ᠠ ᠪᠠᠷ ᠰᠤᠷᠤᠯᠴᠠᠨ ᠡᠵᠡᠮᠰᠢᠬᠦ ᠳᠡᠭᠡᠷ᠎ᠡ ᠬᠦᠴᠦ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠤᠨ ᠰᠠᠨᠠᠭ᠎ᠠ ᠪᠠᠨ ᠨᠢᠭᠲᠠᠷᠠᠭᠤᠯᠵᠤ᠂ ᠬᠥᠨᠳᠡᠯᠡᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠬᠦ᠂ ᠪᠥᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠲᠤᠮᠳᠠ ᠡᠭᠦᠷᠭᠡᠯᠡᠬᠦ ᠴᠢᠬᠤᠯᠠ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠡᠵᠡᠮᠳᠡᠵᠦ᠂ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ︽ᠬᠤᠶᠠᠷ ᠶᠡᠭᠡ ᠶᠠᠪᠤᠳᠠᠯ︾ ᠳᠡᠭᠡᠷ᠎ᠡ ︽ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ︾ ᠬᠡᠷᠡᠭᠲᠡᠶ᠃ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠬᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠰᠤᠷᠭᠠᠨ ᠬᠥᠮᠦᠵᠢᠯ ᠤᠨ ᠰᠢᠰᠲ᠋ᠧᠮ ᠤᠨ ᠰᠢᠶᠠᠨ ᠤ ᠱᠠᠲᠤᠨ ᠤ ᠤᠳᠤᠷᠢᠳᠤᠯᠭ᠎ᠠ ᠰᠤᠷᠤᠯᠴᠠᠬᠤ ᠠᠩᠭᠢ ᠳᠤ ᠣᠷᠣᠯᠴᠠᠪᠠ᠃     9 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 14 ᠳ᠋ᠤᠬᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠭᠤᠤ ᠢᠦᠶ ᠫᠦ᠋᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ᠂ ᠱᠠᠨᠳᠦ᠋ᠩ ᠤᠨ ᠽᠤᠤᠵᠤᠸᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠰᠢᠨ᠎ᠡ ᠡᠨᠧᠷᠭᠢ ᠶᠢᠨ ᠣᠶᠤᠨᠴᠢ ᠲᠥᠬᠦᠭᠡᠷᠦᠮᠵᠢ ᠪᠠ ᠴᠠᠬᠢᠯᠭᠠᠨ ᠰᠣᠯᠢᠬᠤ ᠲᠥᠬᠦᠭᠡᠷᠦᠮᠵᠢ ᠶᠢᠨ ᠬᠡᠰᠡᠭᠴᠢᠯᠡᠭᠰᠡᠨ  ᠦᠢᠯᠡᠳᠪᠦᠷᠢᠯᠡᠯ ᠤᠨ ᠲᠥᠷᠥᠯ ᠵᠦᠢᠯ ᠤᠨ ᠪᠠᠯᠠ ᠤᠷᠤᠭᠤᠯᠬᠤ ᠵᠥᠪᠯᠡᠯᠴᠡᠭᠡᠷ ᠤᠨ ᠪᠢᠴᠢᠭ ︵ᠬᠦᠷᠬᠡᠨ ᠬᠢᠨᠠᠭᠤᠯᠬᠤ ᠨᠤᠤᠷᠠᠭ︶︾᠂ ︽ᠥᠪᠥᠷ ᠮᠣᠩᠭᠤᠯ ᠤᠨ ᠹᠧᠩ ᠵᠧᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠤᠨ ᠲᠣᠨᠤᠭ ᠰᠡᠯᠪᠢᠭ ᠮᠠᠲ᠋ᠧᠷᠢᠶᠠᠯ ᠪᠣᠯᠪᠠᠰᠤᠷᠠᠭᠤᠯᠬᠤ ᠵᠢᠴᠢ ᠦᠢᠯᠡᠳᠬᠦ ᠲᠥᠷᠥᠯ ᠵᠦᠢᠯ ᠤᠨ ᠪᠠᠯᠠ ᠣᠷᠣᠭᠤᠯᠬᠤ ᠵᠥᠪᠯᠡᠯᠴᠡᠭᠡᠷ ᠤᠨ ᠪᠢᠴᠢᠭ ︵ᠬᠦᠷᠬᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠪᠡᠭᠡᠵᠢᠩ ᠳᠤ ᠣᠷᠣᠵᠤ  ᠴᠡᠭᠴᠡᠯᠡᠨ ᠵᠠᠰᠠᠬᠤ ᠲᠤᠬᠠᠢ ᠰᠤᠷᠪᠤᠯᠵᠢᠯᠠᠬᠤ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠠᠳᠠᠯᠢ ᠠᠵᠢᠯ ᠳᠤ ᠠᠳᠠᠯᠢ ᠬᠥᠯᠥᠰᠥ ᠣᠯᠭᠤᠮᠵᠢ ᠲᠠᠢ ᠬᠥᠮᠦᠰ ᠲᠤ ᠠᠵᠢᠯ       ᠦᠢᠯᠡᠰ ᠤᠨ ᠨᠢᠭᠡᠴᠢ ᠶᠢᠨ ᠠᠳᠠᠯᠢ ᠲᠥᠷᠥᠯ ᠤᠨ ᠬᠥᠮᠦᠰ ᠢᠶᠠᠷ ᠯᠠᠪᠯᠠᠯᠲᠠ ᠪᠣᠯᠭᠠᠵᠤ ᠬᠠᠮᠢᠶ᠎ᠠ ᠪᠥᠬᠦᠶ ᠴᠡᠯᠢᠩ       ᠤᠯᠭᠤᠮᠵᠢ ᠶᠢᠨ ᠲᠦᠷᠢᠮ ᠢ ᠬᠡᠷᠡᠭᠵᠢᠭᠦᠯᠬᠦ ᠰᠠᠨᠠᠯ ᠤᠨ ᠲᠤᠬᠠᠶ ᠬᠠᠷᠢᠭᠤ ᠮᠡᠳᠡᠭᠦᠯᠦᠯᠲᠡ᠂ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠠᠯᠪᠠᠨ ᠬᠡᠷ ᠬᠢᠭᠡᠳ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠪᠡᠰᠦᠪᠡᠨ ᠨᠠᠶᠢᠳᠠᠵᠤ ᠦᠨ᠎ᠡ ᠬᠠᠩᠰᠢ ᠶᠢ ᠬᠢᠨᠠᠨ ᠪᠠᠶᠢᠴᠠᠭᠠᠬᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃     10 ᠰᠠᠷ᠎ᠠ ᠶᠢᠨ 18 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 13 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠵᠢᠶᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠦᠨ ᠱᠤᠤ ᠴᠧᠩ ᠱᠦᠵᠢ ᠶᠢᠨ ᠬᠢᠩᠭᠠᠨ ᠠᠶᠢᠮᠠᠭ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠵᠠᠯᠠᠶᠢᠳ ᠬᠤᠰᠢᠭᠤᠨ ᠤ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠵᠢᠯᠣᠭᠤᠳᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ︾ ᠪᠣᠯᠤᠨ ︽ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ ᠶᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠶᠠᠷ ᠢ ᠡᠵᠡᠮᠳᠡᠬᠦ ᠪᠣᠯᠭᠠᠨ ᠬᠤᠪᠢᠷᠠᠭᠤᠯᠬᠤ ᠶᠢ ᠠᠬᠢᠭᠤᠯᠬᠤ ᠲᠤᠬᠠᠶ ᠰᠠᠨᠠᠯ︾᠂ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠬᠠᠤᠯᠢ ᠴᠠᠭᠠᠵᠠ ᠲᠦᠷᠢᠮ᠂ ᠤᠯᠤᠰ ᠤᠨ ᠪᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠴᠠᠯᠢᠩ ᠬᠦᠯᠦᠰᠦ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠰᠠᠨ ᠲᠤᠬᠠᠶ ᠬᠢᠨᠠᠨ ᠰᠢᠯᠭᠠᠬᠤ ᠠᠵᠢᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠡᠨᠧᠷᠭᠢ ᠶᠢᠨ ᠥᠷᠲᠡᠭᠡ ᠶᠢᠨ ᠲᠥᠷᠥᠯ ᠵᠦᠢᠯ ᠵᠢᠴᠢ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ ︵ᠪᠦᠯᠦᠭᠯᠡᠯ︶ ᠶᠢᠨ ᠪᠣᠬᠢᠷᠲᠤᠯ ᠥᠬᠡᠶ ᠬᠠᠶᠢᠯᠤᠭᠤᠯᠬᠤ ᠲᠠᠰ ᠳᠡᠪᠰᠢᠭᠦᠯᠵᠦ ᠥᠭᠡᠷᠡᠴᠢᠯᠡᠬᠦ ᠲᠥᠷᠥᠯ ᠵᠦᠢᠯ ᠤᠨ ᠡᠨᠧᠷᠭᠢ ᠶᠢᠨ ᠥᠷᠲᠡᠭᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠠᠯᠠ ᠣᠷᠣᠭᠤᠯᠬᠤ ᠵᠥᠪᠯᠡᠯᠴᠡᠭᠡᠷ ᠤᠨ ᠪᠢᠴᠢᠭ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ 2022 ᠣᠨ ᠤ ᠲᠣᠰ ᠱᠠᠲᠤᠨ ᠤ ᠲᠥᠰᠦᠪ ᠤᠨ ᠬᠦᠢᠴᠡᠳᠬᠡᠯ ︵ᠲᠥᠰᠦᠯ︶ ᠤᠨ ᠮᠡᠳᠡᠭᠦᠯᠦᠯᠲᠡ︾ ᠶᠢ ᠰᠤᠳᠤᠯᠤᠨ ᠬᠢᠨᠠᠨ ᠵᠥᠪᠯᠡᠪᠠ︔ ᠪᠥᠬᠦ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠥᠬᠦ ᠲᠤᠭᠤᠷᠢᠭ ᠤᠨ ᠴᠠᠯᠢᠩ ᠬᠦᠯᠦᠰᠦ ᠶᠢ ᠥᠷᠢᠲᠦᠬᠦ ᠶᠢ ᠦᠨᠳᠦᠰᠦᠨ ᠠᠴᠠ ᠨᠢ  ᠵᠠᠰᠠᠬᠰᠠᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ ᠥᠭᠭᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠲᠥᠰᠦᠪ ᠢ ᠨᠡᠮᠡᠵᠤ ᠲᠤᠬᠢᠷᠠᠭᠤᠯᠬᠤ ᠶᠠᠪᠤᠴᠠ ᠶᠢ ᠳᠥᠭᠦᠮᠴᠢᠯᠡᠬᠦ ᠲᠤᠬᠠᠶ ᠬᠠᠷᠢᠭᠤ ᠮᠡᠳᠡᠭᠦᠯᠦᠯᠲᠡ᠂ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠭᠦᠯᠦᠨ ᠤᠯᠤᠬᠰᠠᠨ ᠠᠰᠢᠭ ᠣᠷᠣᠯᠭ᠎ᠠ ᠶᠢᠨ ᠪᠠᠯᠠ ᠮᠥᠩᠭᠦ ᠶᠢ ᠬᠡᠷᠡᠭᠯᠡᠭᠰᠡᠨ ᠲᠤᠬᠠᠶ ᠬᠠᠷᠢᠭᠤ ᠮᠡᠳᠡᠭᠦᠯᠦᠯᠲᠡ᠂ ᠶᠠᠨ ᠵᠢᠶᠠ ᠯᠢᠶᠠᠩ᠂ ᠳ᠋ᠧᠦ ᠵᠢᠶᠠ ᠯᠢᠶᠠᠩ ᠲᠣᠰᠬᠤᠨ ᠤ ᠳᠤᠭᠤᠶᠢᠯᠠᠩ ᠤᠨ ᠭᠠᠵᠠᠷ ᠰᠢᠷᠣᠶ ᠪᠠᠨ ᠠᠯᠳᠠᠭᠰᠠᠨ ᠲᠠᠷᠢᠶᠠᠴᠢᠳ ᠤᠨ ᠨᠠᠰᠤᠵᠢᠯ ᠤᠨ ᠳᠠᠭᠠᠳᠬᠠᠯ ᠢ ᠲᠤᠰᠢᠶᠠᠬᠤ ᠬᠠᠮᠢᠶ᠎ᠠ ᠪᠥᠬᠦᠶ ᠪᠠᠶᠢᠳᠠᠯ ᠢ  ᠰᠢᠢᠳᠪᠦᠷᠢᠯᠡᠭᠰᠡᠨ ᠲᠤᠬᠠᠶ ᠬᠠᠷᠢᠭᠤ ᠮᠡᠳᠡᠭᠦᠯᠦᠯᠲᠡ᠂ ᠬᠥᠨᠳᠡᠯᠡᠨ ᠰᠦᠮ᠎ᠡ ᠶᠢᠨ ᠯᠠᠮᠠ ᠶᠢᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      10 ᠰᠠᠷ᠎ᠠ ᠶᠢᠨ 29 ᠤ ᠡᠳᠦᠷ᠂ ᠪᠤᠭᠤᠲᠤ ᠬᠤᠲᠠ ᠶᠢᠨ ᠪᠸᠢ ᠯᠠᠨ ᠰᠢᠨ ᠡᠯᠧᠺᠲᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠣᠰᠣᠯᠠᠯ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ ᠳ᠋ᠦᠩ ᠦᠢᠯᠡᠳᠬᠡᠯ ᠤᠨ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠬᠠᠶ    ᠴᠢᠤᠸᠠᠨ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠸᠧᠶ ᠡᠯ ᠬᠤᠪᠢ ᠡᠵᠡᠮᠳᠡᠭᠰᠡᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠡᠾᠦ᠋ᠢ ᠴᠢᠤᠸᠠᠨ ᠶᠣᠰᠣᠯᠠᠯ ᠳᠤ ᠣᠷᠣᠯᠴᠠᠭᠰᠠᠨ ᠪᠥᠭᠡᠳ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠳᠤ ᠬᠦᠰᠢᠬᠡ ᠨᠡᠭᠡᠭᠡᠵᠤ ᠦᠭᠪᠡ᠃ ᠬᠤᠲᠠ ᠶᠢᠨ ᠨᠠᠮ ᠤᠨ ᠬᠤᠷᠢᠶᠠᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠲᠢᠶᠠᠨ ᠬᠤᠩ ᠴᠧᠩ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠯᠢᠦ ᠶᠦᠩ ᠮᠢᠩ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠴᠢᠶᠠᠩ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠵᠢᠩ᠂ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠶᠡᠷᠦᠩᠬᠡᠶ ᠲᠧᠭᠨᠢᠭᠴᠢ ᠵᠠᠩ ᠴᠦᠨ ᠮᠢᠩ ᠶᠣᠰᠣᠯᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠶᠣᠰᠣᠯᠠᠯ ᠢ ᠡᠷᠭᠢᠯᠡᠪᠡ᠃ ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠰᠢᠶᠠᠨ ᠤ ᠱᠠᠲᠤᠨ ᠤ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠠᠰᠢᠭᠯᠠᠯᠲᠠ ᠳᠤ ᠣᠷᠣᠭᠤᠯᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号