ᠠᠵᠤ ᠠᠬᠤᠶᠢᠯᠠᠯ ᠳᠤ ᠭᠦᠨᠵᠡᠭᠡᠶᠢᠷᠡᠨ ︽ᠰᠤᠳᠠᠯ ᠪᠠᠷᠢᠨ ᠣᠨᠣᠰᠢᠯᠠᠵᠤ︾ ᠠᠵᠤ ᠠᠬᠤᠶᠢᠯᠠᠯ ᠳᠤ ᠠᠰᠢᠭ ᠬᠦᠷᠲᠡᠭᠡᠬᠦ ︽ᠰᠠᠶᠢᠨ ᠵᠣᠷ︾ ᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2023/11/22
     ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠷᠡᠭᠴᠡᠭᠡ ᠶᠢ ᠣᠶᠢᠯᠠᠭᠠᠵᠤ᠂ ︽ᠴᠡᠭ ᠠᠴᠠ ᠴᠡᠭ ᠲᠤ ᠬᠦᠷᠬᠦ︾ ᠬᠡᠯᠪᠡᠷᠢ ᠪᠠᠷ ᠠᠵᠤ ᠠᠬᠤᠶᠢᠯᠠᠯ ᠤᠨ ᠬᠥᠭᠵᠢᠯᠲᠡ ᠳᠤ ᠬᠠᠪᠰᠤᠷᠬᠤ ᠶᠢᠨ ᠲᠦᠯᠦᠬᠡ᠂ ᠣᠶᠢᠷ᠎ᠠ ᠳᠤ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠥᠨᠳᠡᠯᠡᠨ ᠲᠣᠭᠤᠷᠢᠭ ᠤᠨ ᠦᠶ᠋ᠯᠡᠳᠪᠦᠷᠢ ᠬᠤᠳᠠᠯᠳᠤᠭᠠᠨ ᠤ ᠬᠤᠯᠪᠣᠭ᠎ᠠ ᠤᠷᠢᠳ ᠬᠤᠵᠢᠳ ᠥᠪᠥᠷ ᠮᠣᠩᠭᠤᠯ ᠤᠨ ᠢᠦᠶ ᠲᠸᠡᠭ ᠨᠠ ᠬᠡᠷᠡᠯ ᠴᠡᠨᠡᠭ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ ᠭᠠᠩ ᠶᠤᠸᠠᠨ ᠱᠦᠨ ᠪᠠᠷᠠᠭᠠᠨ ᠤ ᠬᠦᠢᠯᠭᠡᠭᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢᠶᠠᠨ ᠪᠠᠩ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠰᠢ ᠵᠢᠶᠦ᠋ᠨ ᠬᠤᠪᠣᠷ ᠰᠢᠷᠣᠶ ᠶᠢᠨ ᠬᠢᠵᠠᠭᠠᠷᠲᠤ    ᠺᠣᠮᠫᠠᠨᠢ᠂ ᠥᠪᠥᠷ ᠮᠣᠩᠭᠤᠯ ᠤᠨ ᠢ ᠲᠦᠩ ᠬᠦᠨᠳᠦ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠵᠡᠷᠭᠡ 5 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠪᠠ᠃      ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠳᠤᠮᠳᠠ᠂ ᠬᠥᠨᠳᠡᠯᠡᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠠᠵᠤ ᠠᠬᠤᠶᠢᠯᠠᠯ ᠤᠨ ᠰᠡᠳᠬᠢᠯ ᠤᠨ ᠳᠠᠭᠤᠨ ᠪᠠ ᠰᠠᠨᠠᠭᠤᠯᠭ᠎ᠠ ᠶᠢ ᠰᠣᠨᠣᠰᠴᠤ᠂ ᠴᠢᠳᠠᠪᠤᠷᠢᠲᠠᠨ ᠤ ᠬᠡᠷᠡᠭᠴᠡᠭᠡ᠂ ᠠᠶᠤᠯᠭᠦᠢ ᠦᠢᠯᠡᠳᠪᠦᠷᠢᠯᠡᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠢᠴᠢ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠵᠡᠷᠭᠡ ᠲᠠᠯ᠎ᠠ ᠪᠠᠷ ᠶᠠᠷᠢᠯᠴᠠᠵᠤ ᠰᠣᠯᠢᠯᠴᠠᠪᠠ᠃ ᠠᠵᠤ ᠠᠬᠤᠶᠢᠯᠠᠯ ᠤᠨ ᠲᠤᠰᠬᠠᠭᠰᠠᠨ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ ᠬᠥᠨᠳᠡᠯᠡᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠳᠡᠭᠡᠳᠦ ᠳᠤᠤᠷᠠᠳᠤ ᠱᠠᠲᠤ ᠪᠠᠷ ᠢᠶᠠᠨ ᠨᠡᠪᠲᠡᠷᠡᠯᠴᠡᠬᠦ᠂ ᠵᠣᠬᠢᠴᠠᠭᠤᠯᠬᠤ᠂ ᠵᠣᠯᠭᠠᠭᠤᠯᠬᠤ᠂  ᠦᠢᠯᠡᠴᠢᠯᠡᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠥᠩᠭᠦᠨ ᠬᠦᠢᠯᠭᠡᠭᠡᠨ ᠤ ᠦᠢᠯᠡᠴᠢᠯᠡᠭᠡ ᠶᠢ ᠢᠳᠡᠪᠬᠢᠲᠡᠶ    ᠥᠷᠨᠢᠭᠦᠯᠵᠦ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠠᠵᠤ ᠠᠬᠤᠶᠢᠯᠠᠯ ᠤᠨ ︽ᠠᠵᠢᠯᠴᠢᠨ ᠡᠯᠰᠡᠬᠦ ᠳᠤ ᠬᠦᠴᠢᠷ᠂ ᠠᠵᠢᠯᠴᠢᠨ ᠬᠡᠷᠡᠭᠯᠡᠬᠦ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠠᠬᠢ ᠲᠦᠪᠡᠭᠳᠡᠯ᠂ ᠬᠦᠴᠢᠷᠳᠡᠯ᠂ ᠲᠦᠭᠵᠢᠷᠡᠯ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠪᠥᠬᠦ ᠲᠤᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃      ᠡᠨᠡ ᠵᠢᠯ ᠠᠴᠠ ᠨᠠᠭᠠᠰᠢ᠂ ᠬᠥᠨᠳᠡᠯᠡᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︽ᠠᠵᠤ ᠠᠬᠤᠶᠢᠯᠠᠯ ᠳᠤ ᠬᠦᠷᠴᠦ᠂ ᠨᠡᠶᠢᠭᠡᠮᠯᠢᠭ ᠢ ᠰᠤᠷᠪᠤᠯᠵᠢᠯᠠᠵᠤ᠂ ᠬᠦᠷᠢᠶᠡᠯᠡᠩ ᠲᠣᠭᠤᠷᠢᠭ ᠲᠤ ᠬᠦᠨᠵᠡᠭᠡᠶᠢᠷᠡᠬᠦ︾᠂ ︽ᠲᠥᠷᠥ ᠶᠢᠨ ᠪᠣᠳᠣᠯᠭ᠎ᠠ ᠶᠢ ᠬᠦᠷᠭᠡᠵᠦ · ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ · ᠬᠦᠴᠢᠷᠳᠡᠯ ᠢ ᠰᠢᠢᠳᠪᠦᠷᠢᠯᠡᠨ · ᠬᠥᠭᠵᠢᠯᠲᠡ ᠶᠢ ᠠᠬᠢᠭᠤᠯᠬᠤ︾᠂ ︽ᠬᠠᠮᠲᠤᠷᠠᠯ ᠬᠦᠴᠦᠨ ᠢ ᠨᠢᠭᠲᠠᠷᠠᠭᠤᠯᠵᠤ · ᠬᠥᠭᠵᠢᠯᠲᠡ ᠶᠢ ᠰᠦᠪᠡᠭᠴᠢᠯᠡᠬᠦ︾ ᠵᠡᠷᠭᠡ ᠲᠣᠭᠤᠷᠢᠨ ᠦᠵᠡᠵᠦ ᠬᠠᠷᠢᠯᠴᠠᠨ ᠰᠤᠷᠪᠤᠯᠵᠢᠯᠠᠵᠤ ᠪᠠᠶᠢᠴᠠᠭᠠᠨ ᠰᠤᠳᠤᠯᠬᠤ ᠠᠵᠢᠯᠯᠠᠭ᠎ᠠ ᠶᠢ ᠣᠯᠠᠨ ᠤᠳᠠᠭ᠎ᠠ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ       ᠡᠷᠬᠢᠯᠳᠡ ᠶᠢᠨ ᠪᠠᠶᠢᠳᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠲᠥᠯᠥᠭᠡᠯᠡᠭᠴᠢ ᠬᠥᠮᠦᠰ ᠤᠨ ᠣᠳᠣᠬᠢ ᠪᠠᠶᠢᠳᠠᠯ ᠵᠡᠷᠭᠡ ᠶᠢ ᠴᠠᠭ ᠲᠤᠬᠠᠶ ᠳᠤᠨᠢ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠵᠢᠯ ᠲᠥᠷᠥᠯ ᠤᠨ ᠨᠡᠶᠢᠲᠡᠯᠢᠭ ᠴᠢᠨᠠᠷᠲᠠᠶ ᠠᠰᠠᠭᠤᠳᠠᠯ ᠪᠠ ᠤᠨᠴᠠᠭᠠᠢ ᠠᠰᠠᠭᠤᠳᠠᠯ ᠢ ᠣᠶᠢᠯᠠᠭᠠᠵᠤ᠂ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠢᠳᠡᠪᠬᠢᠲᠡᠶ ᠬᠦᠴᠦᠨ ᠨᠡᠮᠡᠷᠢᠯᠡᠪᠡ᠃       ︵ᠢᠷᠡᠯᠲᠡ᠄ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠳᠡᠰ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号