ᠠᠷᠢᠬᠢ ᠤᠤᠭᠤᠪᠠᠯ ᠴᠢᠷᠠᠶ ᠨᠢ ᠤᠯᠠᠶᠢᠳᠠᠭ ᠬᠥᠮᠦᠨ ᠬᠤᠷᠳᠤᠨ ᠠᠷᠢᠬᠢ ᠪᠠᠨ ᠵᠣᠭᠰᠣ︕ ᠰᠤᠳᠤᠯᠭᠠᠨ  ᠢᠶᠠᠷ ᠤᠯᠵᠤ ᠮᠡᠳᠡᠭᠰᠡᠨ ᠨᠢ᠄ ᠠᠷᠢᠬᠢ ᠤᠤᠭᠤᠪᠠᠯ ᠴᠢᠷᠠᠶ ᠨᠢ ᠤᠯᠠᠶᠢᠳᠠᠭ ᠬᠥᠮᠦᠨ ᠠᠮᠠᠷᠬᠠᠨ ᠥᠮᠡᠨ ᠳᠤ ᠨᠡᠷᠪᠡᠭᠳᠡᠵᠦ ᠮᠡᠳᠡᠨ᠎ᠡ
ᠨᠡᠶᠢᠲᠡᠯᠡᠭᠰᠡᠨ ᠴᠠᠭ᠄
2023/11/22
     ᠵᠠᠷᠢᠮ ᠬᠥᠮᠦᠨ ᠬᠡᠳᠦᠨ ᠤᠭᠤᠴᠢ ᠠᠷᠢᠬᠢ ᠤᠤᠭᠤᠪᠠᠯ ᠴᠢᠷᠠᠶ ᠨᠢ ᠤᠯᠠᠶᠢᠳᠠᠭ᠂ ᠣᠯᠠᠩᠬᠢ ᠬᠥᠮᠦᠨ ︽ᠠᠷᠢᠬᠢ‌ᠤᠤᠭᠤᠪᠠᠯ ᠴᠢᠷᠠᠶ ᠨᠢ ᠤᠯᠠᠶᠢᠬᠤ︾ ᠶᠢ ᠠᠷᠢᠬᠢᠨ ᠳᠠᠭᠠᠨ  ᠮᠠᠭᠤ ᠭᠡᠵᠦ ᠦᠵᠡᠳᠡᠭ᠂ ᠦᠨᠡᠨ ᠳᠡᠭᠡᠨ ᠡᠨᠡ ᠨᠢ ᠠᠷᠢᠬᠢᠨ ‍ᠤ‌‍ᠬᠡᠮᠵᠢᠶ᠎ᠡ ᠲᠠᠢ ᠬᠠᠮᠢᠶ᠎ᠠ ᠦᠭᠡᠢ᠂ ᠭᠧᠨ ᠤ ᠳᠤᠲᠠᠭᠳᠠᠯ ᠲᠠᠢ ᠪᠠᠶᠢᠵᠤ ᠮᠡᠳᠡᠨ᠎ᠡ︕ ᠠᠷᠢᠬᠢ ᠤᠤᠭᠤᠪᠠᠯ ᠴᠢᠷᠠᠶ ᠨᠢ  ᠤᠯᠠᠶᠢᠳᠠᠭ ᠬᠥᠮᠦᠨ ᠢ ᠬᠤᠷᠳᠤᠨ ᠠᠷᠢᠬᠢ ᠪᠠᠨ ᠵᠣᠭᠰᠣ ᠭᠡᠵᠦ ᠰᠠᠨᠠᠭᠤᠯᠤᠶ᠎ᠠ︕ ᠠᠷᠢᠬᠢ ᠤᠤᠭᠤᠪᠠᠯ ᠴᠢᠷᠠᠶ ᠨᠢ ᠤᠯᠠᠶᠢᠳᠠᠭ ᠨᠢ ᠭᠧᠨ ᠤ ᠳᠤᠲᠠᠭᠳᠠᠯ ᠲᠠᠢ ᠪᠠᠶᠢᠵᠤ ᠮᠡᠳᠡᠨ᠎ᠡ              ᠠᠷᠢᠬᠢ ᠤᠤᠭᠤᠪᠠᠯ ᠠᠮᠠᠷᠬᠠᠨ ᠴᠢᠷᠠᠢ ᠨᠢ ᠤᠯᠠᠶᠢᠳᠠᠭ ᠬᠥᠮᠦᠨ ᠤ ᠡᠲ᠋ᠢᠯ ᠠᠯᠳᠧᠭᠢᠳ᠋ ᠤᠨ ᠤᠰᠤᠲᠥ᠋ᠷᠥᠭᠴᠢ ᠦᠭᠡᠶᠢᠳᠡᠭᠦᠯᠬᠦ ᠢᠰᠬᠡᠭᠦᠷ 2 ᠤᠨ ᠤᠳᠤᠮᠯᠠᠯ ᠤᠨ ᠭᠧᠨ ᠤ  ᠳᠤᠲᠠᠭᠳᠠᠯ ᠲᠠᠢ ᠪᠠᠶᠢᠵᠤ ᠮᠡᠳᠡᠨ᠎ᠡ᠂ ᠡᠲ᠋ᠢᠯ ᠠᠯᠳᠧᠭᠢᠳ᠋ ᠤᠨ ᠤᠰᠤᠲᠥ᠋ᠷᠥᠭᠴᠢ ᠦᠭᠡᠶᠢᠳᠡᠭᠦᠯᠬᠦ ᠢᠰᠬᠡᠭᠦᠷ 2 ᠤᠨ ᠢᠰᠬᠡᠭᠦᠷ ᠤᠨ ᠢᠳᠡᠪᠬᠢ ᠴᠢᠨᠠᠷ ᠢᠯᠡᠳᠲᠡ ᠪᠠᠭᠤᠷᠠᠪᠠᠯ᠂ ᠡᠲ᠋ᠢᠯ ᠠᠯᠳᠧᠭᠢᠳ᠋ ᠪᠡᠶ᠎ᠡ ᠶᠢᠨ ᠳᠣᠲᠣᠷ᠎ᠠ ᠲᠤᠨᠵᠤ᠂ ᠲᠥᠪ ᠮᠡᠳᠡᠷᠡᠯ ᠳᠤ ᠦᠢᠯᠡᠳᠦᠯ ᠦᠵᠡᠭᠦᠯᠵᠦ᠂ ᠬᠦᠮᠦᠨ ᠳᠤ ᠲᠣᠯᠣᠭᠠᠢ ᠡᠷᠭᠢᠬᠦ᠂ ᠴᠢᠷᠠᠢ ᠤᠯᠠᠶᠢᠬᠤ᠂ ᠳᠤᠷ᠎ᠠ ᠪᠤᠯᠭᠢᠬᠤ ᠵᠡᠷᠭᠡ ᠢᠯᠡᠷᠡᠯ ᠰᠢᠨᠵᠢ ᠭᠠᠷᠬᠤ ᠶᠢᠨ ᠬᠠᠮᠲᠤ ᠵᠢᠷᠦᠬᠡ ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠴᠦ ᠢᠯᠡᠷᠬᠡᠢ ᠨᠡᠮᠡᠭᠳᠡᠳᠡᠭ᠃              ᠠᠷᠢᠬᠢ ᠤᠤᠭᠤᠪᠠᠯ ᠠᠮᠠᠷᠬᠠᠨ ᠴᠢᠷᠠᠢ ᠨᠢ ᠤᠯᠠᠶᠢᠳᠠᠭ ᠬᠥᠮᠦᠨ ᠨᠡᠩ ᠠᠮᠠᠷᠬᠠᠨ ᠥᠮᠡᠨ ᠳᠤ ᠨᠡᠷᠪᠡᠭᠳᠡᠳᠡᠭ᠃            ᠵᠧᠵᠢᠶᠠᠩ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠬᠠᠷᠢᠶᠠᠲᠤ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠰᠢᠩᠭᠡᠭᠡᠯᠲᠡ ᠶᠢᠨ ᠳᠣᠲᠣᠷ ᠰᠠᠯᠠᠭᠠᠨ ᠤ ᠳᠡᠳ᠋ ᠡᠷᠬᠢᠯᠡᠭᠴᠢ ᠡᠮᠴᠢ ᠵᠧᠤ ᠰᠢᠨ ᠰᠢᠨ ᠡᠮᠴᠢ ᠬᠡᠯᠡᠬᠦ‌‍ᠳᠡᠭᠡᠨ᠂ ᠵᠠᠷᠢᠮ ᠬᠥᠮᠦᠨ ᠠᠩᠬ᠎ᠠ ᠠᠷᠢᠬᠢ ᠤᠤᠭᠤᠵᠤ ᠡᠬᠢᠯᠡᠬᠦ ᠳᠡᠭᠡᠨ ᠴᠢᠷᠠᠶ ᠨᠢ    ᠤᠯᠠᠶᠢᠬᠤ᠂ ᠵᠢᠷᠦᠬᠡ ᠨᠢ  ᠲᠦᠭᠰᠢᠬᠦ ᠵᠡᠷᠭᠡ ᠡᠪᠡᠳᠴᠢᠨ ᠤ ᠢᠯᠡᠷᠡᠯ ᠰᠢᠨᠵᠢ ᠭᠠᠷᠳᠠᠭ᠂ ᠵᠠᠯᠭ᠎ᠠ ᠠᠷᠢᠬᠢ ᠤᠤᠭᠤᠬᠤ ︽ᠪᠣᠯᠪᠠᠰᠤᠷᠠᠯ︾ ᠠᠴᠠ ᠪᠣᠯᠵᠣ᠂ ᠡᠲ᠋ᠢᠯ ᠠᠯᠳᠧᠭᠢᠳ᠋ ᠤᠨ ᠲᠡᠰᠪᠦᠷᠢᠲᠦ ᠴᠢᠨᠠᠷ ᠢ ᠪᠣᠶ ᠪᠣᠯᠭᠠᠵᠤ᠂ ᠵᠠᠯᠭᠠᠭᠠᠳ ᠶᠡᠭᠡ ᠬᠡᠮᠵᠢᠶ᠎ᠡ ᠪᠠᠷ ᠠᠷᠢᠬᠢ ᠤᠤᠭᠤᠳᠠᠭ᠂ ᠡᠲ᠋ᠢᠯ ᠠᠯᠳᠧᠭᠢᠳ᠋ ᠨᠢ ᠪᠡᠶ᠎ᠡ ᠳᠣᠲᠣᠷ᠎ᠠ ᠠᠴᠠ ᠭᠠᠳᠠᠬᠰᠢᠯᠠᠵᠤ ᠴᠢᠳᠠᠬᠤ ᠥᠬᠡᠶ ᠣᠷᠳᠣ ᠬᠤᠭᠤᠴᠠᠭ᠎ᠠ ᠪᠠᠷ  ᠪᠡᠶ᠎ᠡ ᠲᠤᠳᠤᠷ᠎ᠠ ᠪᠠᠶᠢᠭᠠᠳ ᠪᠠᠶᠢᠪᠠᠯ ᠥᠮᠡᠨ ᠡᠭᠦᠰᠭᠡᠬᠦ ᠲᠦᠭᠰᠢᠭᠦᠷᠢ ᠨᠢ ᠮᠠᠰᠢ ᠶᠡᠭᠡ ᠪᠤᠯᠳᠠᠭ᠂ ᠡᠶᠢᠮᠦ ᠠᠴᠠ ᠡᠲᠡᠭᠡᠷ ᠬᠥᠮᠦᠰ ᠨᠢ ᠬᠠᠷᠢᠨ ᠨᠠᠩ ᠠᠮᠠᠷᠬᠠᠨ  ᠵᠠᠯᠭᠢᠭᠤᠷ ᠤᠨ ᠥᠮᠡᠨ᠂ ᠤᠯᠠᠭᠠᠨ ᠬᠤᠭᠤᠯᠠᠶ ᠶᠢᠨ ᠥᠮᠡᠨ ᠣᠯᠳᠠᠭ ᠬᠡᠪᠡ᠃              2020 ᠣᠨ ᠳᠤ ︽ᠰᠢᠨᠵᠢᠯᠡᠬᠦ ᠤᠬᠠᠭᠠᠨ ᠤ ᠠᠬᠢᠴᠠ︾ ᠬᠡᠬᠦ ᠨᠡᠷᠡᠳᠦ ᠰᠡᠳᠬᠦᠯ ᠳᠤ ᠨᠡᠶᠢᠲᠡᠯᠡᠭᠰᠡᠨ ᠨᠢᠭᠡᠨ ᠰᠤᠳᠤᠯᠭᠠᠨ ᠳᠤ ᠠᠷᠢᠬᠢ ᠤᠤᠭᠤᠪᠠᠯ ᠠᠮᠠᠷᠬᠠᠨ ᠴᠢᠷᠠᠢ ᠨᠢ ᠤᠯᠠᠶᠢᠳᠠᠭ ᠬᠥᠮᠦᠨ ᠤ ᠬᠤᠳᠣᠭᠤᠳᠣᠨ ᠥᠮᠡᠨ ᠳᠤ  ᠨᠡᠷᠪᠡᠭᠳᠡᠬᠦ ᠲᠦᠭᠰᠢᠭᠦᠷᠢ ᠨᠠᠩ ᠶᠡᠭᠡ ᠪᠠᠶᠢᠳᠠᠭ ᠬᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号