ᠬᠠᠯᠳᠠᠪᠤᠷᠢᠯᠠᠭᠳᠠᠬᠤ ᠳᠤ ᠬᠦᠷᠪᠡᠯ ᠬᠤᠶᠠᠷ ᠭᠠᠷᠠᠭ ᠰᠢᠬᠠᠮ ᠬᠢᠴᠢᠶᠡᠯ ᠵᠣᠭᠰᠣᠨ᠎ᠠ︕
ᠨᠡᠶᠢᠲᠡᠯᠡᠭᠰᠡᠨ ᠴᠠᠭ᠄
2023/11/22
     ᠨᠠᠮᠤᠷ ᠡᠪᠦᠯ ᠤᠨ ᠤᠯᠠᠷᠢᠯ ᠪᠣᠯ ᠰᠡᠷᠬᠡᠨᠦᠳ ᠠᠮᠠᠷᠬᠠᠨ ᠳᠡᠯᠭᠡᠷᠡᠬᠦ ᠬᠤᠭᠤᠴᠠᠭ᠎ᠠ ᠪᠤᠯᠤᠨ᠎ᠠ᠃ ᠰᠡᠷᠬᠡᠨᠦᠳ ᠨᠢ  ᠪᠦᠬᠦ‌ᠵᠢᠯ ᠳᠤ ᠪᠦᠷ ᠡᠭᠦᠰᠳᠡᠭ᠂ ᠭᠡᠬᠦ ᠳᠡᠭᠡᠨ ᠡᠪᠦᠯ ᠬᠠᠪᠤᠷ ᠤᠨ ᠬᠤᠶᠠᠷ ᠤᠯᠠᠷᠢᠯ ᠳᠤ ᠣᠯᠠᠨ ᠲᠣᠬᠢᠶᠠᠯᠳᠤᠳᠠᠭ᠂ ᠵᠢᠯ ᠪᠦᠷᠢ ᠶᠢᠨ11ᠰᠠᠷ᠎ᠠ ᠠᠴᠠ ᠳᠠᠷᠠᠭ᠎ᠠ ᠵᠢᠯ ᠤᠨ 1 ᠰᠠᠷ᠎ᠠ ᠬᠦᠷᠲᠡᠯᠡᠬᠢ ᠬᠤᠭᠤᠴᠠᠭ᠎ᠠ ᠪᠣᠯ ᠰᠡᠷᠬᠡᠨᠦᠳ ᠠᠮᠠᠷᠬᠠᠨ ᠳᠡᠯᠭᠡᠷᠡᠬᠦ  ᠬᠤᠭᠤᠴᠠᠭ᠎ᠠ ᠪᠣᠯᠤᠨ᠎ᠠ᠃ ᠰᠡᠷᠬᠡᠨᠦᠳ ᠨᠢ ᠭᠤᠤᠯᠳᠠᠭᠤ 2 ᠵᠦᠢᠯ ᠤᠨ ᠠᠷᠭ᠎ᠠ ᠵᠠᠮ ᠢᠶᠠᠷ ᠲᠠᠷᠬᠠᠳᠠᠭ᠄ ᠠᠮᠢᠰᠬᠤᠯ ᠤᠨ ᠵᠠᠮ ᠤᠨ ᠰᠢᠯᠦᠰᠦ ᠨᠢᠰᠤ ᠪᠠ ᠰᠢᠭᠤᠳ ᠬᠦᠷᠦᠯᠴᠡᠬᠦ ᠠᠴᠠ ᠬᠠᠯᠳᠠᠪᠤᠷᠢᠯᠠᠳᠠᠭ᠃ ᠪᠦᠬᠦᠯᠢ 1 ᠨᠠᠰᠤᠨ ᠠᠴᠠ 12 ᠨᠠᠰᠤᠨ ᠤ ᠬᠡᠦᠬᠡᠳ ᠪᠤᠯ ᠴᠥᠮ ᠠᠮᠠᠷᠬᠠᠨ ᠬᠠᠯᠳᠠᠪᠤᠷᠢᠯᠠᠬᠳᠠᠳᠠᠭ ᠬᠦᠮᠦᠰ ᠪᠣᠯᠤᠨ᠎ᠠ᠃ ᠬᠠᠯᠳᠠᠪᠤᠷᠢᠯᠠᠮᠠᠲᠠᠭᠠᠢ ᠡᠪᠡᠳᠴᠢᠲᠡᠨ ᠲᠠᠢ ᠬᠦᠷᠦᠯᠴᠡᠭᠰᠡᠨ ᠤ ᠳᠠᠷᠠᠭ᠎ᠠ ᠪᠠᠷᠤᠭ 90 % ᠨᠢ ᠪᠦᠷ ᠡᠪᠡᠳᠴᠢᠯᠡᠳᠡᠭ᠃ ᠡᠶᠢᠮᠦ ᠠᠴᠠ ᠬᠡᠦᠬᠡᠳ ᠤᠨ ᠴᠡᠴᠡᠷᠯᠢᠭ ᠪᠤᠯᠤᠨ ᠪᠠᠭ᠎ᠠ ᠰᠤᠷᠭᠠᠭᠤᠯᠢ ᠶᠢᠨ ᠬᠡᠤᠬᠡᠳ ᠤᠳ ᠮᠠᠰᠢ ᠠᠮᠠᠷᠬᠠᠨ ᠡᠨᠡ ᠬᠦ ᠡᠪᠡᠳᠴᠢᠨ ᠢ ᠤᠯᠳᠠᠭ ᠪᠠᠶᠢᠨ᠎ᠠ᠃             ᠰᠡᠷᠬᠡᠨᠦᠳ ᠤᠨ ᠨᠢᠭᠤᠭᠳᠠᠮᠠᠯ ᠬᠤᠭᠤᠴᠠᠭ᠎ᠠ ᠨᠢ ᠨᠡᠯᠢᠶᠡᠳ ᠤᠷᠲᠤ᠂ ᠶᠡᠷᠦ ᠳᠡᠭᠡᠨ ᠸᠢᠷᠦ᠋ᠰ ᠲᠠᠢ ᠬᠦᠷᠦᠯᠴᠡᠭᠰᠡᠨ ᠤ ᠳᠠᠷᠠᠭᠠᠬᠢ 14 ᠠᠴᠠ16 ᠡᠳᠦᠷ ᠤᠨ ᠲᠤᠳᠤᠷ᠎ᠠ ᠢᠯᠡᠷᠡᠳᠡᠭ᠃ ᠬᠡᠰᠡᠭ ᠡᠪᠡᠳᠴᠢᠲᠡᠨ ᠡᠷᠡᠭᠦᠯᠵᠢᠭᠰᠡᠨ ᠤ ᠳᠠᠷᠠᠭ᠎ᠠ ᠴᠤ ᠪᠡᠶ᠎ᠡ ᠳᠣᠲᠣᠷ᠎ᠠ ᠨᠢ ᠸᠢᠷᠦ᠋ᠰ ᠨᠢᠭᠤᠭᠳᠠᠵᠤ ᠮᠡᠳᠡᠬᠦ ᠪᠥᠭᠡᠳ ᠬᠤᠵᠢᠮ ᠡᠭᠡᠯᠢᠯᠡᠭᠡ ᠶᠢᠨ ᠴᠢᠳᠠᠪᠤᠷᠢ  ᠮᠠᠭᠤᠳᠠᠬᠤ ᠦᠶ᠎ᠡ ᠳᠤ ᠳᠠᠬᠢᠨ ᠬᠥᠳᠡᠯᠵᠦ᠂ ᠪᠦᠰᠡᠯᠢᠭ ᠴᠥᠪᠥᠷᠢᠭᠦᠲᠦ ᠡᠰᠡᠷᠭᠡᠨ᠎ᠡ ᠭᠠᠷᠴᠤ ᠮᠡᠳᠡᠨ᠎ᠡ᠂ ᠡᠭᠦᠨ ᠢ ᠶᠡᠷᠦ ᠳᠡᠭᠡᠨ ︽ᠮᠣᠭᠠᠶ ᠢᠯᠢᠳᠦ︾ ᠭᠡᠳᠡᠭ᠃             ᠬᠡᠦᠬᠡᠳ ᠲᠤ ᠰᠡᠷᠬᠡᠨᠦᠳ ᠬᠠᠯᠳᠠᠪᠤᠷᠢᠯᠠᠭᠰᠠᠨ ᠤ ᠳᠠᠷᠠᠭ᠎ᠠ᠂ ᠬᠦᠨᠳᠦ ᠨᠣᠴᠢᠲᠠᠶ ᠡᠪᠡᠳᠴᠢᠳᠡᠨ ᠳᠤᠨᠢ ᠠᠭᠤᠰᠬᠢᠨ ᠦᠷᠪᠢᠰᠦᠯ ᠪᠠ ᠲᠠᠷᠢᠬᠢᠨ ᠦᠷᠪᠢᠰᠦᠯ ᠳᠠᠪᠬᠤᠴᠠᠵᠤ ᠮᠡᠳᠡᠨ᠎ᠡ᠂ ᠵᠠᠷᠢᠮ ᠦᠶ᠎ᠡ ᠳᠤ ᠡᠭᠦᠷᠢᠳᠡ ᠶᠢᠨ ᠠᠷᠬᠠᠭ ᠬᠡᠮ ᠦᠯᠡᠳᠡᠬᠦ‌‍ᠪᠤᠶᠤ ᠦᠬᠦᠯ ᠳᠤ ᠬᠦᠷᠦᠬᠦᠯᠳᠡᠭ᠃             ᠬᠡᠦᠬᠡᠳ ᠠᠪᠬᠤ ᠰᠠᠨᠠᠭ᠎ᠠ ᠲᠠᠢ ᠪᠦᠰᠡᠬᠦᠶᠢᠴᠤᠳ ᠬᠡᠷᠪᠡ ᠰᠡᠷᠬᠡᠨᠦᠳ ᠣᠯᠵᠤ ᠥᠩᠭᠡᠷᠡᠭᠰᠡᠨ ᠦᠭᠡᠢ ᠪᠣᠯ᠂ ᠠᠳᠠᠭ ᠲᠤ ᠪᠠᠨ ᠵᠢᠷᠮᠦᠰᠦᠯᠡᠬᠦ ᠠᠴᠠ ᠪᠠᠨ 3 ᠰᠠᠷ᠎ᠠ ᠶᠢᠨ ᠡᠮᠦᠨ᠎ᠡ ᠰᠡᠷᠬᠡᠨᠦᠳ ᠤᠨ ᠲᠠᠷᠢᠯᠭ᠎ᠠ ᠲᠠᠷᠢᠬᠤ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号