ᠪᠦᠯᠬᠦᠮᠳᠡᠯ ᠵᠡᠭᠡᠯᠢ ᠭᠤᠳᠤᠮᠵᠢ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠠᠭ᠎ᠠ ᠶᠠᠪᠤᠳᠠᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠯᠳᠠ ᠬᠡᠬᠦ ᠠᠷᠠᠳ ᠤᠨ ᠠᠮᠢᠳᠤᠷᠠᠯ ᠤᠨ ᠲᠤᠮᠤ ᠶᠠᠪᠤᠳᠠᠯ ᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2023/11/27
    ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠣᠯᠠᠨ ᠡᠰᠢᠴᠢᠯᠡᠨ ᠬᠠᠮᠲᠤ ᠪᠠᠷ ᠵᠠᠰᠠᠵᠤ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠬᠢᠪᠡ᠃ ︽ᠰᠦᠯᠵᠢᠶᠡᠨ ᠳᠡᠭᠡᠷ᠎ᠡ︾ ᠪᠤᠯ ᠵᠡᠭᠡᠯᠢ ᠭᠤᠳᠤᠮᠵᠢ ᠶᠢᠨ ᠨᠡᠶᠢᠲᠡ ᠶᠢᠨ ᠲᠠᠪᠴᠠᠩ᠂ ᠰᠠᠭᠤᠭᠠᠯᠢ ᠠᠷᠠᠳ ᠤᠨ ᠸᠢᠴᠠᠲ ᠴᠤᠭᠯᠠᠷᠠᠯ ᠵᠡᠷᠭᠡ ᠳᠤ ᠲᠦᠰᠢᠭᠯᠡᠨ ᠰᠠᠨᠠᠯ ᠬᠤᠷᠢᠶᠠᠬᠤ ᠳᠤ ᠥᠨᠴᠥᠭ ᠪᠤᠯᠤᠩ ᠦᠯᠡᠳᠡᠬᠡᠬᠦ ᠥᠬᠡᠶ ᠪᠠᠶᠢᠬᠤ ᠶᠢ ᠪᠡᠶᠡᠯᠡᠭᠦᠯᠪᠡ︔ ︽ᠠᠬᠤᠢ        ᠲᠠᠯᠠᠪᠠᠢ︾᠎ ᠳᠤ ︽ᠲᠣᠭᠤᠷᠢᠭ ᠰᠢᠷᠡᠭᠡ︾᠎ ᠶᠢᠨ ᠬᠥᠷᠰᠢ ᠵᠡᠷᠭᠡᠯᠡᠳᠡᠭᠡ ᠶᠢᠨ ᠬᠡᠷᠡᠭ ᠵᠥᠪᠯᠡᠬᠦ ᠬᠤᠷᠠᠯ᠂ ᠰᠠᠭᠤᠭᠠᠯᠢ ᠠᠷᠠᠳ ᠤᠨ ᠬᠡᠷᠡᠭᠴᠡᠭᠡ ᠶᠢ ᠠᠰᠠᠭᠤᠬᠤ ᠬᠤᠷᠠᠯ ᠵᠡᠷᠭᠡ ᠳᠤ ᠲᠦᠰᠢᠭᠯᠡᠨ ᠲᠥᠷᠥᠯ ᠵᠦᠶᠯ ᠢ ᠡᠯᠰᠡᠨ ᠴᠤᠭᠯᠠᠭᠤᠯᠬᠤ ᠶᠢ ᠪᠦᠬᠦᠨ ᠢ ᠪᠥᠷᠬᠦᠭᠦᠯᠪᠡ᠃ ᠬᠤᠶᠠᠷ ᠲᠤ᠂ ᠲᠤᠤᠷᠵᠢᠭᠤᠯᠤᠯᠳᠠ ᠶᠢᠨ ᠲᠤᠳᠤᠷᠠᠬᠢ ᠬᠡᠰᠡᠭ ᠨᠢᠭᠡᠪᠦᠷᠢ ᠶᠢᠨ ᠬᠤᠭᠤᠷᠤᠨᠳᠤ ᠪᠠᠨ ᠬᠤᠯᠪᠣᠭᠠᠯᠠᠨ ᠬᠥᠳᠡᠯᠦᠯᠴᠡᠵᠦ᠂ ᠤᠨᠢᠨ ᠳᠡᠭᠡᠷ᠎ᠡ ᠨᠢ ᠬᠦᠴᠦᠯᠡᠵᠦ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠬᠦ ᠶᠢ ᠪᠡᠶᠡᠯᠡᠭᠦᠯᠪᠡ᠃ ᠵᠡᠭᠡᠯᠢ ᠭᠤᠳᠤᠮᠵᠢ ᠶᠢᠨ ᠪᠣᠳᠠᠲᠤ ᠪᠠᠶᠢᠳᠠᠯ ᠢᠶᠠᠷ ᠦᠨᠳᠦᠰᠦᠯᠡᠯ ᠪᠣᠯᠭᠠᠵᠤ᠂ ᠲᠤᠰᠬᠠᠶ ᠪᠣᠯᠪᠠᠰᠤᠷᠠᠯ ᠤᠨ ᠠᠭᠤᠯᠭ᠎ᠠ ᠶᠢ ᠲᠥᠷᠥᠯ ᠬᠤᠪᠢᠶᠠᠨ ᠲᠣᠭᠲᠠᠭᠠᠵᠤ᠂ ᠦᠨᠳᠦᠰᠦᠨ ᠱᠠᠲᠤᠨ ᠤ ᠠᠵᠢᠯ ᠤᠨ ᠲᠤᠰᠬᠠᠶ ᠮᠡᠷᠭᠡᠵᠢᠯ ᠤᠨ ᠮᠡᠳᠡᠯᠭᠡ᠂ ᠬᠠᠮᠤᠭ ᠤᠨ ᠰᠢᠨ᠎ᠡ ᠪᠢᠴᠢᠭ ᠮᠠᠲ᠋ᠧᠷᠢᠶᠠᠯ ᠢ ᠨᠡᠶᠢᠯᠡᠭᠦᠯᠦᠨ ᠨᠡᠪᠲᠡᠷᠡᠭᠦᠯᠵᠦ᠂ ᠰᠠᠭᠤᠭᠠᠯᠢ ᠠᠷᠠᠳ ᠤᠨ ᠦᠶᠯᠡᠴᠢᠯᠡᠭᠡᠨ ᠤ ︽ᠨᠢᠭᠡ ᠯᠡ ᠲᠡᠭᠡᠷ᠎ᠡ ᠬᠡᠯᠡᠵᠤ ᠲᠣᠳᠣᠷᠬᠠᠶᠢᠯᠠᠬᠤ︾  ᠬᠡᠯᠪᠡᠷᠢ ᠪᠠᠷ ᠵᠢᠯᠣᠭᠤᠳᠤᠨ ᠭᠦᠶᠴᠡᠳᠬᠡᠬᠦ᠂ ︽ᠨᠢᠭᠡ ᠡᠭᠦᠳᠡ ᠪᠠᠷ︾ ᠭᠥᠯᠢᠶᠡᠨ ᠠᠪᠴᠤ ᠭᠦᠶᠴᠡᠳᠬᠡᠬᠦ  ᠂ ︽ᠨᠢᠬᠡ ᠬᠡᠯᠬᠢᠶ᠎ᠡ ᠮᠠᠶ᠋ᠢᠭ︾᠎ ᠤᠨ ᠦᠶᠯᠡᠴᠢᠯᠡᠭᠡᠨ ᠤ ᠵᠠᠭᠪᠤᠷ ᠢ ᠪᠡᠶᠡᠯᠡᠭᠦᠯᠪᠡ᠃ ᠭᠤᠷᠪᠠ ᠳᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠪᠠ᠃ ︽ᠨᠡᠶᠢᠭᠡᠮ ᠲᠣᠭᠤᠷᠢᠭ + ᠠᠳᠠᠯ ᠠᠬᠤᠢ ᠶᠢᠨ ᠬᠠᠮᠢᠶᠠᠷᠤᠯᠳᠠ︾᠂ ︽ᠺᠠᠳ᠋ᠷ + ᠨᠠᠮ ᠤᠨ    ᠭᠡᠰᠢᠭᠦᠨ + ᠤᠯᠠᠨ ᠲᠦᠮᠡᠨ︾ ᠵᠡᠷᠭᠡ ᠬᠡᠯᠪᠡᠷᠢ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠬᠠᠮᠲᠤ ᠶᠢᠨ ᠴᠣᠭᠴᠠ ᠶᠢ ᠥᠷᠭᠡᠳᠬᠡᠵᠦ᠂ ︽ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠴᠤ ᠰᠠᠭᠤᠭᠠᠯᠢ ᠠᠷᠠᠳ ᠢᠶᠠᠷ ᠭᠤᠣᠯ ᠴᠣᠭᠴᠠ ᠪᠤᠯᠭᠠᠬᠰᠠᠨ︾ ᠬᠠᠮᠲᠤ ᠶᠢᠨ ᠲᠠᠨᠢᠯᠲᠠ ᠶᠢ ᠪᠤᠢ ᠪᠣᠯᠭᠠᠵᠤ᠂ 11 ᠰᠠᠷ᠎ᠠ ᠳᠤ ᠵᠠᠮ ᠤᠨ ᠭᠠᠳᠠᠷᠭᠤ ᠴᠥᠮᠥᠷᠡᠭᠰᠡᠨ ᠬᠡᠰᠡᠭ ᠢ 15 ᠤᠳᠠᠭ᠎ᠠ᠂ ᠢᠯᠴᠢ ᠬᠠᠩᠭᠠᠬᠤ ᠠᠰᠠᠭᠤᠳᠠᠯ ᠢ 20 ᠤᠳᠠᠭ᠎ᠠ ᠰᠢᠢᠳᠪᠦᠷᠢᠯᠡᠪᠡ᠃  ︵ ᠪᠦᠯᠬᠦᠮᠳᠡᠯ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号