ᠪᠦᠯᠬᠦᠮᠳᠡᠯ ᠵᠡᠭᠡᠯᠢ ᠭᠤᠳᠤᠮᠵᠢ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠠᠭ᠎ᠠ ᠶᠠᠪᠤᠳᠠᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠯᠳᠠ ᠬᠡᠬᠦ ᠠᠷᠠᠳ ᠤᠨ ᠠᠮᠢᠳᠤᠷᠠᠯ ᠤᠨ ᠲᠤᠮᠤ ᠶᠠᠪᠤᠳᠠᠯ ᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2023/11/27
    ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠣᠯᠠᠨ ᠡᠰᠢᠴᠢᠯᠡᠨ ᠬᠠᠮᠲᠤ ᠪᠠᠷ ᠵᠠᠰᠠᠵᠤ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠬᠢᠪᠡ᠃ ︽ᠰᠦᠯᠵᠢᠶᠡᠨ ᠳᠡᠭᠡᠷ᠎ᠡ︾ ᠪᠤᠯ ᠵᠡᠭᠡᠯᠢ ᠭᠤᠳᠤᠮᠵᠢ ᠶᠢᠨ ᠨᠡᠶᠢᠲᠡ ᠶᠢᠨ ᠲᠠᠪᠴᠠᠩ᠂ ᠰᠠᠭᠤᠭᠠᠯᠢ ᠠᠷᠠᠳ ᠤᠨ ᠸᠢᠴᠠᠲ ᠴᠤᠭᠯᠠᠷᠠᠯ ᠵᠡᠷᠭᠡ ᠳᠤ ᠲᠦᠰᠢᠭᠯᠡᠨ ᠰᠠᠨᠠᠯ ᠬᠤᠷᠢᠶᠠᠬᠤ ᠳᠤ ᠥᠨᠴᠥᠭ ᠪᠤᠯᠤᠩ ᠦᠯᠡᠳᠡᠬᠡᠬᠦ ᠥᠬᠡᠶ ᠪᠠᠶᠢᠬᠤ ᠶᠢ ᠪᠡᠶᠡᠯᠡᠭᠦᠯᠪᠡ︔ ︽ᠠᠬᠤᠢ        ᠲᠠᠯᠠᠪᠠᠢ︾ ᠳᠤ ︽ᠲᠣᠭᠤᠷᠢᠭ ᠰᠢᠷᠡᠭᠡ︾ ᠶᠢᠨ ᠬᠥᠷᠰᠢ ᠵᠡᠷᠭᠡᠯᠡᠳᠡᠭᠡ ᠶᠢᠨ ᠬᠡᠷᠡᠭ ᠵᠥᠪᠯᠡᠬᠦ ᠬᠤᠷᠠᠯ᠂ ᠰᠠᠭᠤᠭᠠᠯᠢ ᠠᠷᠠᠳ ᠤᠨ ᠬᠡᠷᠡᠭᠴᠡᠭᠡ ᠶᠢ ᠠᠰᠠᠭᠤᠬᠤ ᠬᠤᠷᠠᠯ ᠵᠡᠷᠭᠡ ᠳᠤ ᠲᠦᠰᠢᠭᠯᠡᠨ ᠲᠥᠷᠥᠯ ᠵᠦᠶᠯ ᠢ ᠡᠯᠰᠡᠨ ᠴᠤᠭᠯᠠᠭᠤᠯᠬᠤ ᠶᠢ ᠪᠦᠬᠦᠨ ᠢ ᠪᠥᠷᠬᠦᠭᠦᠯᠪᠡ᠃ ᠬᠤᠶᠠᠷ ᠲᠤ᠂ ᠲᠤᠤᠷᠵᠢᠭᠤᠯᠤᠯᠳᠠ ᠶᠢᠨ ᠲᠤᠳᠤᠷᠠᠬᠢ ᠬᠡᠰᠡᠭ ᠨᠢᠭᠡᠪᠦᠷᠢ ᠶᠢᠨ ᠬᠤᠭᠤᠷᠤᠨᠳᠤ ᠪᠠᠨ ᠬᠤᠯᠪᠣᠭᠠᠯᠠᠨ ᠬᠥᠳᠡᠯᠦᠯᠴᠡᠵᠦ᠂ ᠤᠨᠢᠨ ᠳᠡᠭᠡᠷ᠎ᠡ ᠨᠢ ᠬᠦᠴᠦᠯᠡᠵᠦ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠬᠦ ᠶᠢ ᠪᠡᠶᠡᠯᠡᠭᠦᠯᠪᠡ᠃ ᠵᠡᠭᠡᠯᠢ ᠭᠤᠳᠤᠮᠵᠢ ᠶᠢᠨ ᠪᠣᠳᠠᠲᠤ ᠪᠠᠶᠢᠳᠠᠯ ᠢᠶᠠᠷ ᠦᠨᠳᠦᠰᠦᠯᠡᠯ ᠪᠣᠯᠭᠠᠵᠤ᠂ ᠲᠤᠰᠬᠠᠶ ᠪᠣᠯᠪᠠᠰᠤᠷᠠᠯ ᠤᠨ ᠠᠭᠤᠯᠭ᠎ᠠ ᠶᠢ ᠲᠥᠷᠥᠯ ᠬᠤᠪᠢᠶᠠᠨ ᠲᠣᠭᠲᠠᠭᠠᠵᠤ᠂ ᠦᠨᠳᠦᠰᠦᠨ ᠱᠠᠲᠤᠨ ᠤ ᠠᠵᠢᠯ ᠤᠨ ᠲᠤᠰᠬᠠᠶ ᠮᠡᠷᠭᠡᠵᠢᠯ ᠤᠨ ᠮᠡᠳᠡᠯᠭᠡ᠂ ᠬᠠᠮᠤᠭ ᠤᠨ ᠰᠢᠨ᠎ᠡ ᠪᠢᠴᠢᠭ ᠮᠠᠲ᠋ᠧᠷᠢᠶᠠᠯ ᠢ ᠨᠡᠶᠢᠯᠡᠭᠦᠯᠦᠨ ᠨᠡᠪᠲᠡᠷᠡᠭᠦᠯᠵᠦ᠂ ᠰᠠᠭᠤᠭᠠᠯᠢ ᠠᠷᠠᠳ ᠤᠨ ᠦᠶᠯᠡᠴᠢᠯᠡᠭᠡᠨ ᠤ ︽ᠨᠢᠭᠡ ᠯᠡ ᠲᠡᠭᠡᠷ᠎ᠡ ᠬᠡᠯᠡᠵᠤ ᠲᠣᠳᠣᠷᠬᠠᠶᠢᠯᠠᠬᠤ︾  ᠬᠡᠯᠪᠡᠷᠢ ᠪᠠᠷ ᠵᠢᠯᠣᠭᠤᠳᠤᠨ ᠭᠦᠶᠴᠡᠳᠬᠡᠬᠦ᠂ ︽ᠨᠢᠭᠡ ᠡᠭᠦᠳᠡ ᠪᠠᠷ︾ ᠭᠥᠯᠢᠶᠡᠨ ᠠᠪᠴᠤ ᠭᠦᠶᠴᠡᠳᠬᠡᠬᠦ  ᠂ ︽ᠨᠢᠬᠡ ᠬᠡᠯᠬᠢᠶ᠎ᠡ ᠮᠠᠶ᠋ᠢᠭ︾ ᠤᠨ ᠦᠶᠯᠡᠴᠢᠯᠡᠭᠡᠨ ᠤ ᠵᠠᠭᠪᠤᠷ ᠢ ᠪᠡᠶᠡᠯᠡᠭᠦᠯᠪᠡ᠃ ᠭᠤᠷᠪᠠ ᠳᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠪᠠ᠃ ︽ᠨᠡᠶᠢᠭᠡᠮ ᠲᠣᠭᠤᠷᠢᠭ + ᠠᠳᠠᠯ ᠠᠬᠤᠢ ᠶᠢᠨ ᠬᠠᠮᠢᠶᠠᠷᠤᠯᠳᠠ︾᠂ ︽ᠺᠠᠳ᠋ᠷ + ᠨᠠᠮ ᠤᠨ    ᠭᠡᠰᠢᠭᠦᠨ + ᠤᠯᠠᠨ ᠲᠦᠮᠡᠨ︾ ᠵᠡᠷᠭᠡ ᠬᠡᠯᠪᠡᠷᠢ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠬᠠᠮᠲᠤ ᠶᠢᠨ ᠴᠣᠭᠴᠠ ᠶᠢ ᠥᠷᠭᠡᠳᠬᠡᠵᠦ᠂ ︽ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠴᠤ ᠰᠠᠭᠤᠭᠠᠯᠢ ᠠᠷᠠᠳ ᠢᠶᠠᠷ ᠭᠤᠣᠯ ᠴᠣᠭᠴᠠ ᠪᠤᠯᠭᠠᠬᠰᠠᠨ︾ ᠬᠠᠮᠲᠤ ᠶᠢᠨ ᠲᠠᠨᠢᠯᠲᠠ ᠶᠢ ᠪᠤᠢ ᠪᠣᠯᠭᠠᠵᠤ᠂ 11 ᠰᠠᠷ᠎ᠠ ᠳᠤ ᠵᠠᠮ ᠤᠨ ᠭᠠᠳᠠᠷᠭᠤ ᠴᠥᠮᠥᠷᠡᠭᠰᠡᠨ ᠬᠡᠰᠡᠭ ᠢ 15 ᠤᠳᠠᠭ᠎ᠠ᠂ ᠢᠯᠴᠢ ᠬᠠᠩᠭᠠᠬᠤ ᠠᠰᠠᠭᠤᠳᠠᠯ ᠢ 20 ᠤᠳᠠᠭ᠎ᠠ ᠰᠢᠢᠳᠪᠦᠷᠢᠯᠡᠪᠡ᠃  ︵ ᠪᠦᠯᠬᠦᠮᠳᠡᠯ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号