ᠬᠡᠦᠬᠡᠳ ᠤᠨ ᠡᠮᠨᠡᠯᠭᠡ ᠳᠤ ᠡᠪᠡᠳᠴᠢᠲᠡᠨ ᠳᠦᠭᠦᠷᠦᠭᠡᠳ……
ᠨᠡᠶᠢᠲᠡᠯᠡᠭᠰᠡᠨ ᠴᠠᠭ᠄
2023/11/27
     ᠪᠡᠭᠡᠵᠢᠩ ᠬᠤᠲᠠ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠣᠯᠠᠨ ᠳᠡᠯᠬᠡᠷᠡᠳᠡᠭ ᠤᠯᠠᠷᠢᠯ ᠳᠤ ᠣᠷᠣᠵᠤ᠂ ᠬᠠᠯᠳᠠᠪᠤᠷᠢᠲᠤ ᠲᠠᠭᠰᠢᠭᠤᠷ᠂ ᠪᠤᠯᠴᠢᠷᠬᠠᠢ ᠶᠢᠨ ᠸᠢᠷᠦ᠋ᠰ᠂ ᠨᠡᠶᠢᠯᠡᠮᠡᠯ ᠡᠰᠲᠦ ᠸᠢᠷᠦ᠋ᠰ ᠵᠡᠷᠭᠡ ᠣᠯᠠᠨ ᠵᠦᠢᠯ ᠤᠨ ᠡᠪᠡᠳᠴᠢᠨ ᠵᠡᠷᠭᠡᠪᠡᠷ ᠳᠡᠯᠬᠡᠷᠡᠵᠦ ᠪᠠᠶᠢᠨ᠎ᠠ᠃ ᠡᠬᠦᠨ ᠠᠴᠠ ᠪᠣᠯᠵᠤ᠂ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠶᠠᠭ ᠪᠥᠬᠦ ᠬᠦᠴᠦᠨ ᠢᠶᠠᠨ ᠳᠠᠶᠢᠴᠢᠯᠠᠨ ᠡᠪᠡᠳᠴᠢᠨ ᠳᠡᠯᠬᠡᠷᠡᠬᠦ ᠣᠷᠭᠢᠯ ᠬᠤᠭᠤᠴᠠᠭ᠎ᠠ ᠶᠢ ᠠᠷᠭᠠᠴᠠᠭᠠᠵᠦ ᠪᠠᠶᠢᠨ᠎ᠠ᠃
    ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠣᠯᠠᠨ ᠠᠷᠭ᠎ᠠ ᠵᠠᠮ ᠢᠶᠠᠷ ᠣᠷᠢᠶᠠᠯᠠᠵᠦ᠂ ᠣᠳᠣᠬᠠᠨ ᠳᠤ ᠡᠮᠨᠡᠯᠬᠡ ᠳᠤ ᠢᠷᠡᠬᠦ ᠡᠪᠡᠳᠴᠢᠳᠡᠨ ᠤᠪᠤᠭᠠᠷᠠᠵᠦ ᠪᠠᠶᠢᠬᠤ ᠣᠴᠢᠷ ᠠᠴᠠ ᠡᠪᠡᠳᠴᠢᠨ ᠤ ᠢᠯᠡᠷᠡᠯ ᠭᠠᠷᠪᠠᠯ ᠣᠷᠢᠳᠠᠪᠠᠷ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ᠂ ᠬᠡᠦᠬᠡᠳ ᠤᠨ ᠰᠤᠳᠤᠯᠭᠠᠨ ᠤ ᠭᠠᠵᠠᠷ ᠵᠡᠷᠭᠡ ᠬᠡᠦᠬᠡᠳ ᠲᠤ ᠬᠠᠨᠳᠣᠬᠰᠠᠨ ᠬᠤᠷᠢᠶ᠎ᠠ ᠳᠤ ᠣᠴᠢᠬᠤ ᠦᠭᠡᠢ᠂ ᠬᠠᠷᠢᠨ ᠬᠡᠦᠬᠡᠳ ᠡᠮᠨᠡᠬᠦ ᠬᠢᠷᠢ ᠬᠡᠮ ᠲᠠᠢ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠬᠤᠶᠠᠳᠤᠭᠠᠷ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠳᠤ ᠣᠴᠢᠬᠤ ᠶᠢ ᠰᠠᠨᠠᠭᠠᠴᠢᠯᠠᠵᠦ ᠪᠠᠶᠢᠭ᠎ᠠ ᠶᠤᠮ ᠪᠠᠶᠢᠨ᠎ᠠ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号