ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2023/11/28
   11 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠶᠦᠩ ᠯᠢ    ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠤᠨ ᠠᠪᠴᠢᠷᠠᠬᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠣᠯᠤᠨ ᠢᠷᠡᠬᠦ ᠵᠢᠯ ᠤᠨ ᠴᠢᠬᠤᠯᠠ ᠶᠡᠭᠡ ᠲᠥᠷᠥᠯ ᠵᠦᠶᠯ ᠢ ᠲᠥᠯᠥᠪᠵᠢᠭᠦᠯᠦᠨ ᠠᠬᠢᠭᠤᠯᠵᠤ ᠪᠠᠶᠢᠭ᠎ᠠ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠤᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠯᠢ ᠵᠦᠩ᠂ ᠢᠦᠢ ᠷᠦᠢ ᠴᠢᠩ᠂ ᠬᠠᠰᠪᠢᠯᠢᠭ᠌᠂ ᠸᠠᠩ ᠰᠢᠤ ᠵᠢᠤᠸᠠᠨ᠂ ᠯᠢ ᠬᠤᠩ ᠢᠦᠢ᠂ ᠵᠧᠦ ᠬᠠᠢ ᠹᠧᠢ᠂ ᠵᠢᠶᠤᠤ ᠶᠠᠨ ᠯᠦᠩ ᠬᠤᠷᠠᠯ ᠳᠤ ᠣᠷᠣᠯᠴᠠᠵᠠᠢ᠃      ᠶᠢᠨ ᠶᠦᠩ ᠯᠢ᠂ 11 ᠰᠠᠷ᠎ᠠ ᠶᠢᠨ 20 ᠤ ᠡᠳᠦᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠤᠪᠣᠷ ᠰᠢᠷᠣᠢ ᠶᠢᠨ ᠬᠤᠶᠠᠷ ᠰᠠᠭᠤᠷᠢᠨ︾᠂ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠳᠠ︾ ᠶᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂  ︽ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠠᠨᠳᠤᠬᠰᠠᠨ ᠲᠠᠪᠤᠨ ᠶᠡᠭᠡ ᠠᠵᠤ ᠦᠢᠯᠡᠰ︾ ᠢ ᠬᠥᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠣᠳᠠᠲᠠᠢ ᠠᠳᠬᠤᠨ ᠪᠦᠳᠦᠭᠡᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠰᠢᠨ᠎ᠡ ᠶᠢ ᠡᠭᠦᠳᠦᠨ ᠬᠦᠭᠵᠢᠬᠦ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ᠃ ᠪᠦᠳᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠳᠠᠭᠤᠰᠬᠤ ᠶᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠲᠤᠬᠢᠷᠠᠭᠤᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠲᠤᠰᠬᠠᠢ ᠰᠡᠳᠦᠪ ᠢᠶᠠᠷ ᠠᠬᠢᠭᠤᠯᠵᠤ᠂ ᠦᠨᠡᠨ ᠪᠣᠳᠠᠲᠠᠢ ᠪᠠᠷ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠪᠣᠯᠤᠨ ᠬᠦᠴᠢᠷᠳᠡᠯ ᠢ ᠨᠢ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠵᠢᠱᠢᠭᠰᠡᠨ ᠦᠷ᠎ᠡ ᠠᠰᠢᠭ ᠢ ᠪᠡᠶᠡᠯᠡᠬᠦᠯᠬᠦ ᠶᠢ ᠠᠬᠢᠭᠤᠯᠵᠤ᠂ ᠨᠡᠩ ᠤᠯᠠᠨ ᠦᠨᠡᠨ ᠪᠤᠳᠠᠳᠠᠢ ᠠᠵᠢᠯ ᠤᠨ ᠬᠡᠮᠵᠢᠶ᠎ᠡ ᠶᠢ ᠪᠦᠷᠢᠯᠳᠦᠬᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠤᠷᠤᠭᠤᠯᠤᠨ ᠠᠪᠴᠢᠷᠠᠬᠰᠠᠨ ᠲᠦᠷᠦᠯ ᠵᠦᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠪᠳᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ᠂ ᠮᠦᠷᠳᠡᠨ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠪᠠᠷᠢᠯᠭ᠎ᠠ ᠡᠬᠢᠯᠡᠭᠦᠯᠬᠦ ᠶᠢ ᠠᠬᠢᠭᠤᠯᠬᠤ ᠬᠡᠷᠡᠭᠲᠡᠢ᠃ ᠪᠤᠭᠤᠲᠤ ᠶᠢᠨ ᠪᠣᠯᠣᠳ ᠲᠡᠮᠦᠷ ᠵᠡᠷᠭᠡ ᠲᠤᠭᠤᠷᠢᠭ ᠲᠤ ᠰᠠᠭᠤᠭ᠎ᠠ ᠲᠠᠭᠠᠭᠤᠯᠤᠬᠴᠢ ᠠᠵᠤ ᠠᠬᠤᠶᠢᠯᠠᠯ ᠳᠤ ᠦᠶᠯᠡᠴᠢᠯᠡᠵᠤ ᠳᠡᠮᠵᠢᠯᠭᠡ ᠦᠵᠡᠬᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠬᠢᠭᠡᠳ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠬᠠᠮᠲᠤᠷᠠᠨ ᠠᠷᠠᠯᠵᠢᠶᠠᠴᠢᠨ ᠤᠷᠢᠬᠤ᠂    ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠭᠤᠯᠬᠤ ᠶᠢ ᠢᠳᠡᠪᠬᠢᠲᠡᠶ ᠥᠷᠨᠢᠭᠦᠯᠵᠦ᠂ ᠠᠵᠤ ᠠᠬᠤᠶᠢᠯᠠᠯ ᠭᠢᠭᠡᠳ ᠣᠷᠣᠨ ᠨᠤᠲᠤᠭ ᠤᠨ ᠬᠠᠮᠲᠤᠷᠠᠯᠴᠠᠭᠠᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠢᠷᠡᠬᠦ ᠵᠢᠯ ᠤᠨ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠦᠨ ᠠᠬᠢᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠦᠷᠦᠯ ᠵᠦᠢᠯ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠬᠡᠷᠡᠭᠴᠡᠭᠡ ᠶᠢ ᠨᠠᠷᠢᠨ ᠬᠢᠨᠠᠮᠠᠭᠠᠢ ᠪᠦᠷᠢᠳᠭᠡᠨ ᠡᠮᠬᠢᠯᠡᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠤᠨᠢᠨ ᠳᠡᠭᠡᠷ᠎ᠡ ᠨᠢ ᠰᠠᠶᠢᠲᠤᠷ ᠬᠢᠵᠦ᠂ ᠡᠮᠦᠨᠡᠬᠢ ᠬᠤᠭᠤᠴᠠᠭᠠᠨ ᠤ ᠭᠠᠷᠳᠡᠮ ᠢ ᠲᠦᠷᠭᠡᠨ ᠭᠦᠢᠴᠡᠳᠬᠡᠵᠦ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠤ ᠪᠦᠳᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠢ᠃ ᠠᠵᠤ ᠦᠢᠯᠡᠳᠪᠦᠷᠢ ᠶᠢᠨ ᠬᠥᠭᠵᠢᠯᠲᠡ ᠶᠢ ᠠᠳᠬᠤᠬᠤ ᠡᠷᠴᠢ ᠬᠦᠴᠦᠨ ᠪᠠ ᠠᠷᠭ᠎ᠠ ᠶᠢ ᠰᠦᠪᠡᠭᠴᠢᠯᠡᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠢ ᠤᠬᠠᠭᠠᠯᠠᠨ ᠲᠥᠰᠦᠪᠯᠡᠬᠦ ᠪᠠ ᠣᠷᠣᠭᠤᠯᠤᠨ ᠠᠪᠴᠢᠷᠠᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠡᠪᠴᠢᠶᠡᠵᠢᠬᠦ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠯ᠎ᠡ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠳ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠳᠦᠭᠡᠨ ᠪᠠᠶᠢᠭᠤᠯᠵᠤ ᠪᠠᠶᠢᠭ᠎ᠠ ᠲᠥᠷᠥᠯ ᠵᠦᠶᠯ ᠢ ᠨᠢᠭᠲᠠ ᠠᠩᠬᠠᠷᠴᠤ᠂ ᠪᠤᠳᠠᠳᠠᠢ ᠨᠠᠶᠢᠳᠠᠪᠤᠷᠢᠵᠢᠭᠤᠯᠤᠬᠳᠠᠬᠰᠠᠨ ᠲᠥᠷᠥᠯ ᠵᠦᠶᠯ ᠢ ᠪᠦᠷᠢᠳᠬᠡᠨ ᠡᠮᠬᠢᠯᠡᠵᠤ᠂ ᠦᠷᠭᠦᠯᠵᠢᠯᠡᠨ ᠪᠦᠳᠦᠭᠡᠨ ᠪᠠᠶᠢᠭᠤᠯᠵᠤ ᠪᠠᠶᠢᠭ᠎ᠠ ᠲᠥᠷᠥᠯ ᠵᠦᠶᠯ ᠢ ᠮᠦᠷᠳᠡᠨ ᠦᠢᠯᠡᠴᠢᠯᠡᠵᠦ᠂ ᠠᠬᠢᠴᠠ ᠶᠢ ᠠᠳᠬᠤᠨ᠂ ᠶᠠᠰᠤ ᠴᠢᠨᠠᠷ ᠢ ᠪᠠᠲᠤᠯᠠᠨ᠂ ᠠᠮᠤᠷ ᠲᠦᠪᠰᠢᠨ ᠢ ᠴᠢᠬᠤᠯᠠᠴᠢᠯᠠᠬᠤ ᠶᠢ ᠪᠠᠷᠢᠮᠳᠠᠯᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠡᠮᠬᠢ ᠵᠢᠷᠤᠮ ᠲᠠᠢ ᠪᠥᠭᠡᠳ ᠲᠦᠷᠭᠡᠨ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ ︵ᠰᠤᠷᠪᠤᠯᠵᠢᠯᠠᠭᠴᠢ : ᠸᠠᠩ ᠬᠠᠨ ᠰᠢᠶᠤᠤ   ᠬᠢᠨᠠᠨ ᠬᠠᠷᠭᠤᠭᠤᠯᠤᠬᠰᠠᠨ ᠨᠢ : ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号