ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠪᠣᠯᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/30
    11 ᠰᠠᠷ᠎ᠠ ᠶᠢᠨ 28 ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠶᠢᠨ ᠶᠦᠩ ᠯᠢ ᠤᠷᠢᠳ ᠬᠤᠵᠢᠳ ᠯᠦᠩ ᠮᠠ ᠳᠡᠭᠡᠳᠦ ᠲᠠᠰ ᠤᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠤᠨ ᠠᠵᠤ ᠦᠶᠯᠡᠰ ᠤᠨ ᠬᠦᠷᠢᠶᠡᠯᠡᠩ᠂ ᠭᠠᠯ ᠢ ᠰᠡᠷᠭᠡᠶᠢᠯᠡᠵᠤ ᠭᠠᠯ ᠤᠨᠲᠠᠷᠠᠭᠠᠬᠤ ᠣᠨᠴᠠ ᠦᠶᠯᠡᠴᠢᠯᠡᠭᠡᠨ ᠤ ᠥᠷᠲᠡᠭᠡ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠪᠤᠯᠤᠨ ᠪᠢᠶᠤᠤ ᠳ᠋ᠠ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠥᠭᠵᠢᠯᠲᠡ ᠶᠢᠨ ᠺᠣᠮᠫᠠᠨᠢ ᠶᠢᠨ ᠦᠶᠯᠡᠳᠪᠦᠷᠢᠯᠡᠯ ᠤᠨ ᠲᠠᠰᠤᠭ ᠲᠤ ᠬᠦᠷᠴᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠ ᠠᠵᠤ ᠠᠬᠤᠶᠢᠯᠠᠯ ᠤᠨ ᠦᠶᠯᠡᠳᠪᠦᠷᠢᠯᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠲᠤᠬᠠᠶ ᠶᠢᠨ ᠲᠠᠯᠠᠪᠠᠶ ᠳᠤ ᠠᠯᠪᠠᠯᠠᠨ ᠠᠰᠠᠭᠤᠳᠠᠯ ᠢ ᠰᠢᠶᠳᠪᠦᠷᠢᠯᠡᠵᠦ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠶᠳᠪᠦᠷᠢᠯᠡᠵᠦ ᠦᠭᠴᠦ᠂ ᠡᠷᠴᠢ ᠵᠣᠷᠢᠭ ᠢ ᠨᠢ ᠬᠥᠪᠴᠢᠯᠡᠪᠡ᠃      ᠶᠢᠨ ᠶᠦᠩ ᠯᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠪᠦᠬᠦ    ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠢᠨ ᠠᠷᠪᠢᠯᠠᠨ ᠭᠠᠮᠨᠠᠵᠤ ᠡᠷᠴᠢᠮᠵᠢᠭᠦᠯᠦᠨ ᠬᠥᠭᠵᠢᠭᠦᠯᠬᠦ ᠣᠶᠢᠯᠠᠭᠠᠭᠳᠠᠬᠤᠨ ᠢᠶᠠᠨ ᠴᠢᠩᠭᠠᠳᠬᠠᠵᠤ᠂ ︽ᠮᠦ ᠨᠢᠭᠡᠴᠢ ᠶᠢᠨ ᠦᠷ᠎ᠡ ᠠᠰᠢᠭ︾ ᠤᠨ ᠣᠶᠢᠯᠠᠭᠠᠭᠳᠠᠬᠤᠨ ᠢ ᠭᠠᠵᠠᠷ ᠰᠢᠷᠦᠢ ᠬᠡᠷᠡᠭᠯᠡᠬᠦ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠲᠦᠷᠦᠯ ᠵᠦᠢᠯ ᠤᠨ ᠬᠡᠷᠡᠭᠯᠡᠬᠦ ᠭᠠᠵᠠᠷ ᠰᠢᠷᠦᠢ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠲᠥᠯᠥᠪᠵᠢᠭᠦᠯᠦᠨ ᠪᠠᠶᠢᠷᠢᠰᠢᠭᠤᠯᠵᠤ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠬᠡᠷᠡᠭᠯᠡᠬᠦ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠶᠢ ᠴᠢᠩᠭᠠᠳᠬᠠᠵᠤ᠂  ᠵᠤᠬᠢᠴᠠᠭᠤᠯᠤᠨ ᠬᠤᠯᠪᠣᠭᠠᠯᠠᠨ    ᠬᠥᠳᠡᠯᠦᠯᠴᠡᠵᠦ᠂ ᠨᠢᠬᠲᠠ ᠬᠠᠮᠵᠢᠯᠴᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠡᠭ ᠤᠨ ᠬᠠᠷᠠᠯᠲᠠ ᠶᠢ ᠨᠢᠬᠲᠠ ᠴᠢᠩᠭ᠎ᠠ ᠠᠩᠬᠠᠷᠴᠤ᠂ ᠳᠣᠭᠢᠷᠠᠭᠤᠯᠤᠨ ᠵᠣᠬᠢᠴᠠᠭᠤᠯᠬᠤ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠡᠪᠦᠯ ᠤᠨ ᠤᠯᠠᠷᠢᠯ ᠤᠨ ᠠᠵᠢᠯ ᠤᠨ ᠠᠰᠢᠭ ᠥᠬᠡᠶ ᠬᠦᠴᠦᠨ ᠵᠦᠶᠯ ᠢ ᠴᠢᠷᠮᠠᠶᠢᠨ ᠢᠯᠡᠨ ᠳᠠᠪᠠᠵᠤ᠂ ᠨᠠᠩ ᠶᠡᠭᠡ ᠡᠷᠴᠢᠮ ᠢᠶᠠᠷ ᠲᠥᠷᠥᠯ ᠵᠦᠶᠯ ᠢ ᠲᠣᠭᠲᠠᠭᠰᠠᠨ ᠬᠤᠭᠤᠴᠠᠭᠠᠨ ᠳᠤ ᠪᠥᠲᠥᠭᠡᠨ ᠪᠠᠶᠢᠭᠤᠯᠵᠤ ᠳᠠᠭᠤᠰᠬᠠᠬᠤ ᠶᠢ ᠠᠬᠢᠭᠤᠯᠬᠤ ᠬᠡᠷᠡᠭᠲᠡᠶ᠃ ᠡᠯ᠎ᠡ ᠲᠠᠯ᠎ᠠ ᠶᠢᠨ᠂ ᠡᠯ᠎ᠡ ᠱᠠᠳᠤ ᠳᠠᠪᠬᠤᠷᠭ᠎ᠠ᠂ ᠡᠯ᠎ᠡ ᠭᠤᠭᠴᠤᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠤᠳᠠᠳᠠᠢ ᠨᠠᠶᠢᠳᠠᠪᠤᠷᠢᠵᠢᠭᠤᠯᠤᠨ ᠪᠠᠲᠤ ᠡᠭᠦᠷᠭᠡᠯᠡᠵᠦ᠂ ᠪᠠᠷᠢᠯᠭ᠎ᠠ ᠶᠢᠨ ᠠᠮᠤᠷ ᠲᠦᠪᠰᠢᠨ ᠪᠠ ᠢᠨᠵᠧᠨᠧᠷᠢᠩ ᠤᠨ ᠶᠠᠰᠤ ᠴᠢᠨᠠᠷ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠪᠠ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠴᠢᠩᠭ᠎ᠠ ᠠᠴᠠ ᠴᠢᠩᠭ᠎ᠠ᠂ ᠪᠣᠳᠠᠲᠠᠢ ᠠᠴᠠ ᠪᠤᠳᠠᠳᠠᠢ᠂ ᠨᠠᠷᠢᠯᠢᠭ ᠠᠴᠠ ᠨᠠᠷᠢᠯᠢᠭ ᠪᠠᠶᠢᠬᠤ ᠤᠪᠤᠷ ᠢᠶᠠᠷ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠠᠰᠤᠷᠠᠯᠳᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠦᠶᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠷᠳᠠᠮ ᠭᠦᠶᠴᠡᠳᠬᠡᠬᠦ ᠭᠤᠬᠴᠤᠭ᠎ᠠ ᠶᠢ ᠴᠢᠩᠭ᠎ᠠ ᠠᠩᠬᠠᠷᠴᠤ᠂ ᠭᠠᠵᠠᠷ ᠰᠢᠷᠣᠶ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠶᠯᠡᠴᠢᠯᠡᠭᠡ ᠬᠠᠮᠢᠶᠠᠷᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠶ ᠭᠡᠪᠠ᠃       ᠲᠤᠭᠤᠷᠢᠭ ᠤᠨ ᠤᠳᠤᠷᠢᠳᠤᠯᠭ᠎ᠠ ᠯᠢ ᠵᠦᠩ᠂ ᠢᠦᠢ ᠷᠦᠢ ᠴᠢᠩ᠂ ᠵᠧᠦ ᠬᠠᠢ ᠹᠸᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ : ᠹᠧᠩ ᠰᠢᠤᠸᠠᠢ   ᠬᠢᠨᠠᠨ ᠬᠠᠷᠭᠤᠭᠤᠯᠤᠬᠰᠠᠨ ᠨᠢ :  ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号