2023 ᠣᠨ ᠤ ᠲᠦᠷᠦᠭᠦᠦ ᠭᠤᠷᠪᠠᠨ ᠤᠯᠠᠷᠢᠯ ᠳᠤ ᠬᠥᠨᠳᠡᠯᠡᠨ ᠲᠣᠭᠤᠷᠢᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 12.9 % ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/11/4
       ᠡᠨᠡ ᠵᠢᠯ ᠠᠴᠠ ᠨᠠᠭᠠᠰᠢ᠂ ᠬᠥᠨᠳᠡᠯᠡᠨ ᠲᠣᠭᠤᠷᠢᠭ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠰᠢᠨ᠎ᠡ︾  ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠶᠢ ᠨᠢᠬᠲᠠ ᠡᠵᠡᠮᠳᠡᠵᠦ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠳᠤᠳᠬᠠᠵᠤ᠂ ᠬᠥᠭᠵᠢᠯᠲᠡ ᠶᠢ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ᠂ ᠲᠦᠷᠦᠭᠦᠦ ᠭᠤᠷᠪᠠᠨ    ᠤᠯᠠᠷᠢᠯ ᠳᠤ᠂ ᠬᠥᠨᠳᠡᠯᠡᠨ ᠲᠣᠭᠤᠷᠢᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 977.63 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠲᠠ ᠶᠢᠨ ᠶᠡᠷᠦᠩᠬᠡᠶ ᠬᠡᠮᠵᠢᠶᠡᠨ ᠤ 31.5% ᠶᠢ ᠡᠵᠡᠯᠡᠪᠡ︔ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 2.8 ᠬᠤᠪᠢ ᠥᠨᠳᠥᠷ ᠪᠣᠯᠵᠤ᠂ ᠶᠡᠷᠦᠩᠬᠡᠶ ᠬᠡᠮᠵᠢᠶ᠎ᠡ ᠪᠠᠷ ᠢᠶᠠᠨ ᠪᠦᠬᠦ ᠬᠤᠲᠠ ᠳᠤ ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ 2 ᠳ᠋ᠤᠭᠠᠷ ᠲᠤ ᠣᠷᠣᠵᠤ᠂ ᠨᠡᠷᠡᠰ ᠤᠨ ᠳᠠᠷᠠᠭᠠᠯᠠᠯ ᠨᠢ ᠳᠡᠭᠡᠷ᠎ᠡ ᠬᠠᠭᠠᠰ ᠵᠢᠯ ᠤᠨ ᠬᠢ ᠲᠠᠢ ᠲᠡᠩᠴᠡᠵᠡᠶ᠃ ᠨᠢᠭᠡ᠂  ᠬᠤᠶᠠᠷ᠂ ᠭᠤᠷᠪᠠᠳᠤᠭᠠᠷ ᠠᠵᠤ ᠦᠶᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 2.13 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 512.89 ᠳ᠋ᠦᠩᠰᠢᠭᠤᠷ ᠲᠥᠭᠦᠷᠢᠭ ᠲᠤ ᠬᠦᠷᠴᠦ᠂       21.1% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠳᠡᠭ 462.61 ᠳ᠋ᠦᠩᠰᠢᠭᠤᠷ ᠲᠥᠭᠦᠷᠢᠭ ᠲᠤ ᠬᠦᠷᠴᠦ᠂ 5.9% ᠪᠠᠷ ᠨᠡᠮᠡᠭᠳᠡᠨ᠂ ᠡᠨᠡ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ 0.2᠄ 52.5᠄ 47.3 ᠪᠣᠯᠪᠠ᠃       ᠲᠦᠷᠦᠭᠦᠦ ᠭᠤᠷᠪᠠᠨ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 32.8% ᠪᠠᠷ ᠨᠡᠮᠡᠭᠳᠡᠵᠦ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ 9.1 ᠬᠤᠪᠢ ᠥᠨᠳᠥᠷ ᠪᠣᠯᠵᠣ᠂ ᠪᠥᠬᠦ ᠬᠤᠲᠠ ᠳᠤ ᠦᠵᠡᠭᠦᠯᠦᠭᠰᠡᠨ ᠬᠤᠪᠢ ᠨᠡᠮᠡᠷᠢ 37.8% ᠳᠤ ᠬᠦᠷᠴᠦ᠂ ᠵᠠᠭᠤᠨ ᠤ ᠬᠠᠷᠢᠴᠠᠯ ᠢᠶᠠᠷ 9.0 ᠬᠤᠪᠢ ᠳᠠᠶᠢᠴᠢᠯᠠᠵᠤ᠂ ᠪᠥᠬᠦ ᠬᠤᠲᠠ ᠶᠢᠨ 3 ᠳ᠋ᠤᠭᠠᠷ ᠲᠤ ᠤᠷᠤᠵᠤ᠂ ᠬᠤᠲᠠ ᠶᠢᠨ ᠲᠠᠪᠤᠨ ᠲᠣᠭᠤᠷᠢᠭ ᠤᠨ  ᠲᠤᠳᠤᠷ᠎ᠠ ᠪᠠᠨ ᠲᠦᠷᠦᠬᠦᠯᠡᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ        29.6 % ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 9.3 ᠬᠤᠪᠢ ᠳᠣᠣᠷ᠎ᠠ ᠪᠣᠯᠵᠤ᠂ ᠪᠦᠬᠦ ᠬᠤᠲᠠ ᠶᠢᠨ 6 ᠳ᠋ᠤᠭᠠᠷ ᠲᠤ ᠤᠷᠤᠵᠤ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ ᠪᠠᠨ 4 ᠳ᠋ᠦ᠋ᠭᠡᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 257.23 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ    5.5% ᠪᠠᠷ ᠨᠡᠮᠡᠭᠳᠡᠵᠦ᠂ ᠪᠦᠬᠦ ᠬᠤᠲᠠ ᠶᠢᠨ ᠬᠢ ᠲᠠᠢ ᠲᠡᠩᠴᠡᠵᠦ᠂ ᠪᠦᠬᠦ ᠬᠤᠲᠠ ᠳᠤ ᠦᠵᠡᠭᠦᠯᠦᠭᠰᠡᠨ ᠬᠤᠪᠢ ᠨᠡᠮᠡᠷᠢ  33.4% ᠪᠠᠶᠢᠵᠤ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠬᠤᠲᠠ ᠳᠤ ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ 6 ᠳ᠋ᠤᠭᠠᠷ ᠲᠤ ᠤᠷᠤᠵᠤ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ 3 ᠳ᠋ᠤᠭᠠᠷ ᠲᠤ ᠣᠷᠣᠵᠠᠢ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 47500 ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠪᠥᠬᠦ ᠬᠤᠲᠠ ᠶᠢᠨ 4 ᠳ᠋ᠤᠭᠡᠷ ᠤᠷᠤᠵᠤ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ 2 ᠳ᠋ᠤᠭᠠᠷ ᠲᠤ ᠣᠷᠣᠵᠤ᠂ ᠶᠡᠷᠦᠩᠬᠡᠶ ᠬᠡᠮᠵᠢᠶ᠎ᠡ ᠪᠠᠷ ᠢᠶᠠᠨ ᠪᠥᠬᠦ ᠬᠤᠲᠠ ᠳᠤ  ᠲᠦᠷᠦᠭᠦᠯᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 27.88 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 18.8% ᠪᠠᠷ ᠨᠡᠮᠡᠭᠳᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号