ᠪᠦᠬᠦ ᠲᠤᠭᠤᠷᠢᠭ ᠤᠨ ︽ᠬᠠᠭᠤᠴᠢᠨ ᠪᠠᠶ᠋ᠢᠰᠢᠩ ᠬᠡᠷ︾ ᠢ ᠥᠭᠡᠷᠡᠴᠢᠯᠡᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/5
    11 ᠰᠠᠷ᠎ᠠ ᠶᠢᠨ 2 ᠤᠨ ᠡᠳᠦᠷ᠂ ᠪᠥᠬᠦ ᠲᠤᠭᠤᠷᠢᠭ ᠤᠨ ︽ᠬᠠᠭᠤᠴᠢᠨ ᠪᠠᠶᠢᠰᠢᠩ ᠭᠡᠷ︾ ᠢ ᠥᠭᠡᠷᠡᠴᠢᠯᠡᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠶᠦᠩ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︿ᠬᠠᠭᠤᠴᠢᠨ ᠪᠠᠶᠢᠰᠢᠩ ᠭᠡᠷ﹀ ᠢ ᠥᠭᠡᠷᠡᠴᠢᠯᠡᠨ ᠪᠠᠶᠢᠭᠤᠯᠬᠤ ᠠᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠷᠡᠭᠵᠢᠭᠦᠯᠬᠦ ᠲᠥᠰᠦᠯ︾ ᠢ ᠤᠩᠰᠢᠨ ᠨᠡᠶᠢᠲᠡᠯᠡᠭᠰᠡᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠶᠢᠨ ᠶᠦᠩ ᠯᠢ  ᠂ ᠪᠥᠬᠦ ᠲᠤᠭᠤᠷᠢᠭ ᠤᠨ ᠡᠯ᠎ᠡ ᠱᠠᠲᠤᠨ ᠤ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠳᠲᠡᠷ ᠲᠦᠷᠭᠡᠨ ᠨᠢᠭᠡᠳᠬᠡᠵᠦ᠂ ᠠᠷᠠᠳ ᠲᠦᠮᠡᠨ ᠳᠤ ᠪᠤᠶᠠᠨ ᠦᠶᠯᠡᠳᠬᠦ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠶᠢ ᠭᠦᠨᠵᠡᠭᠡᠶ ᠦᠶᠯᠡᠳᠦᠯᠭᠡᠵᠢᠭᠦᠯᠵᠦ᠂ ︽ᠬᠠᠭᠤᠴᠢᠨ ᠪᠠᠶᠢᠰᠢᠩ ᠭᠡᠷ︾ ᠢ ᠥᠭᠡᠷᠡᠴᠢᠯᠡᠨ ᠪᠠᠶᠢᠭᠤᠯᠬᠤ ᠠᠵᠢᠯ ᠢ ᠭᠤᠤᠯ ᠰᠡᠳᠦᠪᠲᠦ ᠬᠥᠮᠦᠵᠢᠯ ᠢ ᠥᠷᠨᠢᠭᠦᠯᠵᠦ ᠠᠷᠠᠳ ᠤᠯᠠᠨ ᠳᠤ ᠪᠣᠳᠠᠲᠤ ᠶᠠᠪᠤᠳᠠᠯ ᠬᠢᠵᠦ ᠦᠭᠬᠦ᠂ ᠬᠦᠴᠢᠷ ᠠᠰᠠᠭᠤᠳᠠᠯ ᠢ ᠰᠢᠶᠳᠪᠦᠷᠢᠯᠡᠬᠦ ᠪᠤᠳᠠᠳᠤ ᠠᠵᠢᠯᠯᠠᠭ᠎ᠠ ᠪᠣᠯᠭᠠᠨ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠭ ᠰᠠᠨᠠᠭ᠎ᠠ ᠪᠠᠨ ᠮᠠᠷᠳᠠᠬᠤ ᠦᠬᠡᠢ᠂ ᠬᠠᠶᠢᠷ᠎ᠠ ᠰᠡᠳᠬᠢᠯᠭᠡ ᠶᠢ ᠡᠪᠦᠷᠯᠡᠵᠦ᠂ ᠵᠣᠷᠢᠭ ᠰᠢᠭᠤᠳᠤᠨ ᠬᠢᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠡᠨᠡ ᠬᠦ ᠪᠣᠳᠠᠲᠤ ᠶᠠᠪᠤᠳᠠᠯ ᠢ ᠡᠷᠡᠰ ᠰᠠᠶᠢᠳᠤᠷ ᠬᠢᠬᠦ ᠬᠡᠷᠡᠭᠲᠡᠶ᠃ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠥᠭᠡᠷᠡᠴᠢᠯᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ ᠢ ᠤᠯᠠᠮ ᠨᠢᠭᠡ ᠠᠯᠬᠤᠮ ᠡᠮᠬᠢᠯᠡᠨ ᠨᠠᠷᠢᠯᠢᠬᠵᠢᠭᠤᠯᠵᠤ᠂ ᠬᠤᠷᠴᠠ ᠰᠢᠭᠤᠷᠬᠠᠢ ᠴᠢᠩᠭ᠎ᠠ ᠬᠦᠴᠦᠨ ᠢ ᠵᠤᠬᠢᠶᠠᠨ ᠪᠠᠶᠢᠭᠤᠯᠵᠤ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠥᠭᠡᠷᠡᠴᠢᠯᠡᠨ ᠪᠠᠶᠢᠭᠤᠯᠬᠤ ᠠᠵᠢᠯ ᠤᠨ ᠡᠭᠦᠷᠭᠡ ᠲᠣᠳᠣᠷᠬᠠᠶ᠂ ᠬᠠᠷᠢᠭᠤᠴᠠᠯᠭ᠎ᠠ ᠶᠢ ᠬᠤᠪᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠠᠷᠠᠯᠲᠠ ᠡᠭᠦᠷᠭᠡ ᠪᠠᠨ    ᠲᠣᠭᠲᠠᠭᠠᠵᠤ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠶᠢ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠬᠠᠭᠤᠴᠢᠨ ᠪᠠᠶᠢᠰᠢᠩ ᠭᠡᠷ︾ ᠢ ᠦᠨᠡᠨ ᠬᠦ ᠵᠢᠩᠬᠢᠨᠢ ᠰᠡᠳᠬᠢᠯ ᠢ ᠲᠤᠯᠠᠭᠠᠴᠠᠭᠤᠯᠤᠬᠰᠠᠨ ᠢᠨᠵᠧᠨᠧᠷᠢᠩ ᠪᠣᠯᠭᠠᠨ ᠥᠭᠡᠷᠡᠴᠢᠯᠡᠬᠦ ᠬᠡᠷᠡᠭᠲᠡᠶ  ᠬᠡᠵᠡᠢ᠃      ᠶᠢᠨ ᠶᠦᠩ ᠯᠢ᠂ ᠲᠤᠭᠤᠷᠢᠭ ᠳᠠᠶᠠᠭᠠᠷ ᠢᠶᠠᠨ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠣᠬᠢᠴᠠᠩᠭᠤᠢ ᠪᠠᠷ ᠬᠤᠯᠪᠣᠭᠠᠯᠠᠨ ᠬᠥᠳᠡᠯᠦᠯᠴᠡᠵᠦ᠂ ᠥᠨᠳᠥᠷ ᠪᠦᠲᠦᠮᠵᠢᠲᠡᠢ ᠠᠬᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠢᠯ ᠤᠨ ᠲᠤᠰᠬᠠᠶ ᠠᠩᠭᠢ ᠶᠢᠨ ᠬᠢᠨ ᠲᠦᠷᠦᠭᠦᠯᠡᠨ ᠬᠢᠵᠦ ᠶᠡᠷᠦᠩᠬᠡᠶᠢᠯᠡᠨ ᠠᠳᠬᠤᠬᠤ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠳᠦᠷ ᠲᠤᠲᠤᠮ ᠤᠨ ᠠᠵᠢᠯ ᠤᠨ ᠲᠣᠬᠢᠷᠠᠭᠤᠯᠤᠯᠲᠠ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠲᠠᠶᠢᠯᠤᠮᠵᠢ ᠬᠢᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠲᠦᠭᠵᠢᠷᠡᠯ ᠠᠰᠠᠭᠤᠳᠠᠯ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠶᠳᠪᠦᠷᠢᠯᠡᠬᠦ ᠬᠡᠷᠡᠭᠲᠡᠶ᠃ ᠡᠯ᠎ᠡ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠱᠠᠯᠠᠪᠳᠠᠭᠤᠯᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠠᠵᠢᠯ ᠢᠶᠠᠨ ᠥᠷᠨᠢᠭᠦᠯᠵᠦ᠂ ᠬᠠᠮᠤᠭ ᠤᠨ ᠣᠬᠤᠷᠬᠠᠨ ᠬᠤᠭᠤᠴᠠᠭᠠᠨ ᠳᠤ ᠲᠠᠲᠠᠪᠤᠷᠢᠯᠠᠨ ᠨᠤᠷᠠᠭᠠᠵᠤ ᠨᠡᠭᠦᠯᠭᠡᠬᠦ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃ ᠬᠤᠯᠪᠣᠭᠳᠠᠯ ᠪᠦᠬᠦᠢ ᠵᠡᠭᠡᠯᠢ ᠭᠤᠳᠤᠮᠵᠢ ᠬᠠᠷᠢᠶᠠᠯᠠᠯ ᠣᠷᠣᠨ ᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠵᠢᠯᠯᠠᠬᠤ ᠳᠤᠭᠤᠶᠢᠯᠠᠩ ᠪᠠᠶᠢᠭᠤᠯᠵᠤ᠂ ᠰᠠᠭᠤᠭᠠᠯᠢ ᠠᠷᠠᠳ ᠢ ᠨᠡᠭᠦᠯᠭᠡᠬᠦ᠂ ᠰᠢᠯᠵᠢᠭᠦᠯᠦᠨ ᠲᠥᠪᠬᠢᠨᠡᠭᠦᠯᠬᠦ ᠵᠡᠷᠭᠡ ᠠᠵᠢᠯ ᠢ ᠭᠦᠨᠵᠡᠭᠡᠢ ᠪᠣᠳᠠᠲᠠᠢ ᠨᠠᠷᠢᠯᠢᠭ ᠬᠢᠬᠦ ᠬᠡᠷᠡᠭᠲᠡᠢ᠃ ᠲᠤᠭᠤᠷᠢᠭ ᠤᠨ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠤᠳ ᠪᠠᠯᠠ ᠮᠥᠩᠭᠦ᠂ ᠲᠥᠯᠥᠪᠵᠢᠭᠦᠯᠭᠡ᠂ ᠭᠠᠵᠠᠷ ᠰᠢᠷᠣᠶ᠂ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠲᠠᠲᠠᠪᠤᠷᠢᠯᠠᠨ ᠨᠤᠷᠠᠭᠠᠵᠤ ᠨᠡᠭᠦᠯᠭᠡᠬᠦ ᠲᠥᠪᠬᠢᠨᠡᠭᠦᠯᠬᠦ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠬᠦ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ︽ᠬᠠᠭᠤᠴᠢᠨ ᠪᠠᠶᠢᠰᠢᠩ ᠭᠡᠷ︾ ᠢ ᠥᠭᠡᠷᠡᠴᠢᠯᠡᠨ ᠰᠢᠨᠡᠳᠬᠡᠬᠦ ᠳᠤ ᠠᠰᠢᠭᠲᠠᠶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ    ᠭᠡᠵᠡᠢ᠃      ᠶᠢᠨ ᠶᠦᠩ ᠯᠢ᠂ ᠤᠯᠠᠨ ᠲᠦᠮᠡᠨ ᠢ ᠴᠢᠩᠭ᠎ᠠ ᠲᠦᠰᠢᠭᠯᠡᠵᠦ᠂ ᠤᠯᠠᠨ ᠲᠦᠮᠡᠨ ᠲᠠᠢ ᠨᠢᠭᠲᠠ ᠪᠦᠯᠬᠦᠮᠳᠡᠵᠦ᠂ ᠨᠡᠶᠢᠭᠡᠮ ᠲᠣᠭᠤᠷᠢᠭ ᠤᠨ ᠺᠠᠳ᠋ᠷ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠢᠭᠰᠡᠨ ᠠᠵᠢᠯ᠂ ᠪᠤᠴᠠᠵᠤ ᠨᠡᠭᠦᠯᠭᠡᠵᠦ ᠲᠥᠪᠬᠢᠨᠡᠭᠦᠯᠬᠦ ᠲᠥᠰᠦᠯ ᠤᠨ ᠨᠠᠷᠢᠨ ᠵᠦᠢᠯᠡᠰ ᠵᠡᠷᠭᠡ ᠶᠢ ᠤᠯᠠᠨ ᠲᠦᠮᠡᠨ ᠳᠤ ᠲᠣᠳᠣᠷᠬᠠᠢ ᠶᠠᠷᠢᠵᠤ ᠥᠭᠴᠦ᠂ ᠤᠯᠠᠨ ᠲᠦᠮᠡᠨ ᠤ ᠢᠳᠡᠪᠬᠢᠳᠡᠢ ᠬᠠᠮᠵᠢᠯᠴᠠᠬᠤ᠂ ᠣᠶᠢᠯᠠᠭᠠᠯᠲᠠ ᠪᠣᠯᠤᠨ ᠳᠡᠮᠵᠢᠯᠭᠡ ᠶᠢ ᠤᠯᠬᠤ ᠬᠡᠷᠡᠭᠲᠡᠢ᠃ ᠵᠢᠯᠣᠭᠤᠳᠣᠯᠭ᠎ᠠ ᠶᠢ ᠳᠠᠭᠠᠵᠤ᠂ ᠶᠣᠰᠣ ᠲᠦᠷᠢᠮ ᠢ ᠴᠢᠩᠭ᠎ᠠ ᠰᠠᠬᠢᠵᠤ᠂ ᠨᠡᠭᠦᠯᠭᠡᠨ ᠥᠭᠡᠷᠡᠴᠢᠯᠡᠨ ᠰᠢᠨᠡᠳᠬᠡᠬᠦ ᠠᠵᠢᠯ ᠤᠨ ᠡᠶ᠎ᠡ ᠵᠣᠬᠢᠴᠠᠩᠭᠤᠶ ᠲᠣᠭᠲᠠᠭᠤᠨ ᠢᠶᠠᠷ ᠠᠭᠢᠬᠤ ᠶᠢ ᠪᠠᠲᠤᠯᠠᠬᠤ ᠬᠡᠷᠡᠭᠲᠡᠶ    ᠭᠡᠵᠡᠢ᠃      ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠰᠢᠶᠠᠨ ᠤ ᠱᠠᠲᠤᠨ ᠤ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃   ︵ᠰᠤᠷᠪᠤᠯᠵᠢᠯᠠᠭᠴᠢ᠄ ᠯᠧᠢ ᠶᠤᠸᠠᠨ ᠶᠤᠸᠠᠨ  ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号