ᠪᠠᠭᠠᠴᠤᠤᠯ ᠵᠠᠮ ᠵᠡᠭᠡᠯᠢ ᠭᠤᠳᠤᠮᠵᠢ 10 ᠰᠠᠷ᠎ᠠ ᠳᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠲᠤᠬᠠᠢ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/9
     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠴᠤᠤᠷᠢᠶᠠᠲᠤᠬᠤ ᠶᠢᠨ ᠲᠥᠯᠥᠭᠡ᠂ ᠪᠠᠭᠠᠴᠤᠤᠯ ᠵᠠᠮ ᠵᠡᠭᠡᠯᠢ ᠭᠤᠳᠤᠮᠵᠢ ᠨᠢ ᠪᠣᠳᠠᠲᠠᠶ ᠲᠠᠢ ᠤᠶᠢᠷᠠᠳᠤᠬᠤ᠂ ᠠᠮᠢᠳᠤᠷᠠᠯ ᠲᠠᠢ ᠤᠶᠢᠷᠠᠳᠤᠬᠤ᠂ ᠣᠯᠠᠨ ᠲᠦᠮᠡᠨ ᠲᠠᠢ ᠤᠶᠢᠷᠠᠳᠤᠬᠤ ᠠᠵᠢᠯᠯᠠᠭ᠎ᠠ ᠶᠢᠨ ᠬᠡᠯᠪᠡᠷᠢ ᠪᠠᠷ ᠤᠬᠠᠭᠤᠯᠭ᠎ᠠ ᠶᠢᠨ ᠬᠡᠪᠴᠢᠶ᠎ᠡ ᠪᠠᠨ ᠥᠷᠭᠡᠳᠬᠡᠵᠦ᠂ ᠨᠥᠯᠥᠭᠡᠯᠡᠬᠦ ᠬᠦᠴᠦᠨ ᠢᠶᠠᠨ ᠳᠡᠭᠡᠭᠰᠢᠯᠡᠭᠦᠯᠵᠦ᠂ ᠠᠬ᠎ᠠ ᠳᠡᠭᠦᠦ ᠮᠡᠲᠦ ᠳᠣᠲᠣᠨᠣ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠠᠶᠢᠨ ᠰᠠᠶᠢᠬᠠᠨ ᠬᠡᠷ ᠣᠷᠣᠨ ᠢᠶᠠᠨ ᠬᠦᠴᠦᠯᠡᠨ ᠪᠠᠶᠢᠭᠤᠯᠪᠠ᠃ ᠨᠢᠭᠡ ᠳᠤ᠂ ᠰᠦᠯᠵᠢᠶᠡᠨ ᠳᠡᠭᠡᠷᠡᠬᠢ ᠸᠢᠴᠠᠲ ᠨᠡᠶᠢᠲᠡ ᠶᠢᠨ ᠲᠠᠪᠴᠠᠩ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠶ᠎ᠠ︾᠂ ︽ᠦᠨᠳᠦᠰᠦᠲᠡᠨ ᠤ ᠵᠢᠵᠢᠭ ᠥᠯᠢᠭᠡᠷ ᠢ ᠰᠠᠶᠢᠲᠤᠷ ᠶᠠᠷᠢᠰᠤᠭᠠᠢ︾ ᠵᠡᠷᠭᠡ ᠲᠤᠰᠬᠠᠶ ᠪᠤᠯᠤᠩ ᠢ ᠭᠠᠷᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠰᠦᠯᠵᠢᠶᠡᠨ ᠳᠡᠭᠡᠷᠡᠬᠢ ᠣᠨᠣᠯ ᠤᠨ ᠰᠢᠯᠭᠠᠯᠲᠠ ᠶᠢᠨ ᠠᠵᠢᠯᠯᠠᠭ᠎ᠠ ᠶᠢ 5 ᠤᠳᠠᠭ᠎ᠠ ᠡᠷᠭᠢᠯᠡᠪᠡ᠃ ᠬᠤᠶᠠᠷ ᠲᠤ᠂ ᠠᠬᠤᠢ ᠲᠠᠯᠠᠪᠠᠢ ᠳᠤ᠂ ︽ᠤᠯᠠᠭᠠᠨ ᠠᠨᠠᠷ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠦᠢᠯᠡᠳᠦᠯ ᠴᠢᠳᠠᠪᠬᠢ ᠶᠢ ᠭᠦᠢᠴᠡᠳ ᠪᠠᠳᠠᠷᠠᠭᠤᠯᠵᠤ᠂ ᠲᠤᠰᠬᠠᠢ ᠰᠡᠳᠦᠪᠲᠦ ᠲᠠᠶᠢᠯᠤᠮᠵᠢ ᠬᠢᠵᠦ ᠪᠣᠯᠪᠠᠰᠤᠷᠠᠯ ᠬᠦᠷᠲᠡᠭᠡᠬᠦ ᠶᠢ 20 ᠭᠠᠷᠤᠢ ᠲᠠᠯᠠᠪᠠᠢ ᠥᠷᠨᠢᠭᠦᠯᠵᠦ᠂ ᠡᠯ᠎ᠡ ᠲᠦᠷᠦᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 25 ᠤᠳᠠᠭ᠎ᠠ ᠥᠷᠨᠢᠭᠦᠯᠵᠦ᠂ 500 ᠭᠠᠷᠤᠢ ᠤᠯᠠᠨ ᠲᠦᠮᠡᠨ ᠪᠣᠯᠪᠠᠰᠤᠷᠠᠯ ᠳᠤ ᠣᠷᠣᠯᠴᠠᠪᠠ᠃ ︵ ᠪᠠᠭᠠᠴᠤᠤᠯ ᠵᠠᠮ ᠵᠡᠭᠡᠯᠢ ᠭᠤᠳᠤᠮᠵᠢ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号