11 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠭᠤᠤᠯ | ᠰᠡᠳᠦᠪᠲᠦ ᠬᠥᠮᠦᠵᠢᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ᠃ | | ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠨᠥᠬᠦᠷᠯᠡᠯ 17 ᠳ᠋ᠤᠭᠠᠷ ᠨᠡᠶᠢᠭᠡᠮ ᠲᠣᠭᠤᠷᠢᠭ᠂ ᠨᠥᠬᠦᠷᠯᠡᠯ | 21 ᠳ᠋ᠤᠭᠡᠷ ᠨᠡᠶᠢᠭᠡᠮ ᠲᠣᠭᠤᠷᠢᠭ ᠲᠤ᠂ ᠶᠢᠨ ᠶᠦᠩ ᠯᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠭᠤᠣᠯ ᠰᠡᠳᠦᠪᠲᠦ ᠬᠥᠮᠦᠵᠢᠯ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠠᠵᠢᠯ ᠢ ᠨᠠᠷᠢᠨ ᠣᠶᠢᠯᠠᠭᠠᠪᠠ᠃ | ᠶᠢᠨ ᠶᠦᠩ ᠯᠢ᠂ ᠨᠡᠶᠢᠭᠡᠮ ᠲᠣᠭᠤᠷᠢᠭ ᠪᠤᠯ ᠤᠯᠠᠨ ᠲᠦᠮᠡᠨ ᠠᠴᠠ ᠬᠠᠮᠤᠭ ᠤᠨ ᠣᠶᠢᠷᠠᠬᠠᠨ ᠪᠠᠶᠢᠨ᠎ᠠ᠂ ︽ᠦᠵᠡᠯ | ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ | ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ | ᠪᠣᠯᠭᠠᠵᠤ᠂ ᠤᠯᠠᠨ ᠲᠦᠮᠡᠨ ᠤ ᠰᠡᠨᠡᠵᠤ ᠬᠦᠰᠡᠵᠤ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ | ᠬᠦᠴᠦ ᠪᠠᠷ ᠢᠶᠠᠨ ᠪᠣᠳᠠᠲᠤ ᠶᠠᠪᠤᠳᠠᠯ ᠬᠢᠵᠦ ᠦᠭᠴᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠷᠠᠳ | ᠤᠯᠠᠨ ᠳᠤ ᠦᠨᠡᠨ ᠪᠣᠳᠠᠲᠠᠢ ᠬᠤᠪᠢᠷᠠᠯᠲᠠ ᠶᠢ ᠦᠨᠡᠨᠬᠦ ᠮᠡᠳᠡᠷᠡᠭᠦᠯᠬᠦ ᠬᠡᠷᠡᠭᠲᠡᠢ᠃ ᠥᠪᠡᠷ ᠤᠨ ᠪᠡᠶ᠎ᠡ ᠳᠤ ᠣᠷᠣᠰᠢᠵᠤ | ᠪᠠᠶᠢᠭ᠎ᠠ ᠠᠰᠠᠭᠤᠳᠠᠯ ᠪᠣᠯᠤᠨ ᠳᠤᠲᠠᠭᠤᠳᠠᠯ ᠢᠶᠠᠨ ᠭᠦᠨᠵᠡᠭᠡᠢ ᠡᠷᠢᠵᠦ᠂ ᠲᠤᠪᠤᠶᠢᠮ᠎ᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠵᠦ᠂ ᠭᠤᠣᠯ ᠰᠡᠳᠦᠪᠲᠦ ᠬᠥᠮᠦᠵᠢᠯ ᠢ ᠦᠨᠡᠨ ᠬᠦ ᠴᠢᠨᠠᠷ ᠰᠠᠶᠢᠲᠠᠢ᠂ ᠰᠠᠶᠢᠨ ᠦᠷ᠎ᠡ ᠪᠦᠲᠦᠮᠵᠢ ᠲᠠᠢ | ᠠᠳᠬᠤᠬᠤ ᠬᠡᠷᠡᠭᠲᠡᠢ ᠭᠡᠵᠡᠢ᠃ | ᠪᠤᠷᠬᠠᠨᠲᠤ ᠪᠠᠯᠭᠠᠰᠤᠨ ᠤ ᠡᠮᠦᠨ᠎ᠡ ᠪᠤᠷᠬᠠᠨᠲᠤ ᠲᠣᠰᠬᠤᠨ᠂ ᠴᠠᠭᠠᠨ ᠬᠤᠳᠠ ᠲᠠᠪᠤᠳᠤᠭᠠᠷ ᠲᠣᠰᠬᠤᠨ ᠳᠤ᠂ ᠶᠢᠨ | ᠶᠦᠩ ᠯᠢ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠦᠳᠦᠭᠡᠨ ᠪᠠᠶᠢᠭᠤᠯᠤᠯᠲᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠣᠯ ᠰᠡᠳᠦᠪᠲᠦ ᠬᠥᠮᠦᠵᠢᠯ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ | ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠶᠢᠨ ᠶᠦᠩ ᠯᠢ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠡᠭᠡᠷ᠎ᠡ ᠤᠶᠤᠨ ᠴᠢᠳᠠᠯ ᠢᠶᠠᠨ ᠲᠥᠪᠯᠡᠷᠡᠭᠦᠯᠵᠦ᠂ | ᠲᠦᠷᠦ ᠶᠢᠨ ᠪᠤᠳᠤᠯᠭ᠎ᠠ ᠶᠢ ᠰᠤᠳᠤᠯᠵᠤ᠂ ᠠᠷᠭ᠎ᠠ ᠬᠡᠮᠵᠢᠶ᠎ᠡ ᠶᠢ ᠰᠦᠪᠡᠭᠴᠢᠯᠡᠨ᠂ ᠠᠵᠢᠯ ᠢᠶᠠᠨ ᠪᠠᠶᠢᠷᠢᠯᠠᠭᠤᠯᠵᠤ᠂ | ᠵᠢᠯᠣᠭᠤᠳᠤᠨ ᠠᠬᠢᠭᠤᠯᠵᠤ᠂ ᠲᠣᠰᠬᠤᠨ ᠤ ᠠᠷᠠᠳ ᠤᠨ ᠪᠣᠳᠠᠲᠠᠢ ᠬᠡᠷᠡᠭᠴᠡᠭᠡ ᠳᠤ ᠰᠠᠭᠤᠷᠢᠯᠠᠵᠤ᠂ ᠲᠣᠰᠬᠤᠨ ᠤ | ᠳᠦᠷᠰᠦ ᠪᠠᠶᠢᠳᠠᠯ ᠢ ᠴᠡᠭᠴᠡᠯᠡᠨ ᠵᠠᠰᠠᠬᠤ᠂ ᠨᠡᠶᠢᠭᠡᠮ ᠤᠨ ᠵᠠᠰᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠤᠯᠠᠨ | ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠦᠨᠡᠨ ᠢ ᠪᠠᠷᠢᠮᠲᠠᠯᠠᠨ | ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠤᠳᠠᠲᠦ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠦᠴᠦᠯᠡᠨ ᠴᠢᠩᠭᠠᠳᠬᠠᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠣᠯᠤᠨ ᠨᠠᠮ ᠤᠨ | ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠲᠤ ᠶᠢᠨ ᠠᠵᠤ ᠠᠬᠤᠢ ᠶᠢ | ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠲᠠᠷᠢᠶᠠᠴᠢᠳ ᠢᠳᠡᠪᠬᠢᠲᠡᠢ ᠣᠷᠣᠯᠴᠠᠬᠤ᠂ ᠲᠣᠰᠬᠤᠨ ᠤ | ᠬᠠᠮᠲᠤ ᠶᠢᠨ ᠠᠵᠤ ᠠᠬᠤᠢ ᠶᠢ ᠲᠣᠭᠲᠠᠭᠤᠨ ᠢᠶᠠᠷ ᠪᠤᠵᠠᠭᠠᠶᠢᠷᠠᠭᠤᠯᠬᠤ᠂ ᠲᠠᠷᠢᠶᠠᠴᠢᠳ ᠤᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠵᠦ ᠪᠠᠶᠠᠵᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ ᠭᠡᠪᠠ᠃ | ᠲᠤᠭᠤᠷᠢᠭ ᠤᠨ ᠤᠳᠤᠷᠢᠳᠤᠯᠭ᠎ᠠ ᠵᠧᠤ ᠰᠢᠤᠸᠠᠢ ᠯᠢᠶᠠᠩ᠂ ᠢᠦᠶ ᠷᠦᠢ ᠴᠢᠩ᠂ ᠸᠠᠩ ᠰᠢᠤ ᠵᠢᠤᠸᠠᠨ ᠵᠢᠴᠢ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ | ︵ᠰᠤᠷᠪᠤᠯᠵᠢᠯᠠᠭᠴᠢ᠄ ᠯᠧᠢ ᠶᠤᠸᠠᠨ ᠶᠤᠸᠠᠨ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ | ᠬᠤᠷᠢᠶᠠᠨ ᠤ ᠠᠯᠪᠠᠨ ᠬᠡᠷ︶ |