ᠨᠢᠭᠡ ᠳᠤ᠂ ᠨᠠᠮ ᠤᠨ ᠪᠠᠶᠢᠭᠤᠯᠤᠯᠲᠠ ᠪᠠᠷ ︽ᠬᠥᠲᠥᠯᠥᠨ ᠳᠠᠭᠠᠭᠤᠯᠬᠤ ᠱᠤᠭᠤᠮ︾ ᠢ ᠨᠢᠭᠲᠠ ᠰᠦᠯᠵᠢᠵᠦ᠂ | ᠰᠠᠴᠤᠷᠠᠭ ᠬᠡᠯᠪᠡᠷᠢ ᠶᠢᠨ ᠦᠶᠯᠡᠴᠢᠯᠡᠭᠡᠨ ᠤ ᠲᠤᠤᠷ ᠢ ᠪᠠᠶᠢᠭᠤᠯᠪᠡ᠃ ᠨᠠᠮ ᠤᠨ ᠭᠡᠰᠢᠭᠦᠨ ᠪᠠ ᠣᠯᠠᠨ ᠲᠦᠮᠡᠨ ᠤ | ᠬᠦᠴᠦᠨ ᠢ ᠭᠦᠶᠴᠡᠳ ᠠᠭᠤᠳᠠᠯᠵᠤ᠂ ᠤᠷᠢᠳ ᠬᠤᠵᠢᠳ ︽ᠵᠢᠷᠭᠠᠬᠤ ᠨᠡᠷᠡᠨ ᠤ ᠤᠯᠠᠭᠠᠨ ᠴᠠᠭᠳᠠᠨ ᠲᠣᠭᠤᠷᠢᠬᠤ | ᠠᠩᠭᠢ︾᠂ ᠸᠠᠩ ᠪᠠᠭᠰᠢ ᠶᠢᠨ ᠠᠵᠢᠯᠯᠠᠬᠤ ᠲᠠᠰᠤᠭ᠂ ᠪᠤᠭᠤᠲᠤ ᠶᠢᠨ ᠠᠯᠪᠠᠨ ᠵᠢᠷᠤᠮ ᠤᠨ ᠠᠵᠢᠯᠴᠢᠨ ᠤ | ᠬᠤᠯᠪᠣᠭ᠎ᠠ ᠶᠢᠨ ᠬᠤᠸᠠ ᠹᠠ ᠬᠤᠪᠢᠶᠠᠷᠢ ᠬᠤᠯᠪᠤᠭ᠎ᠠ ᠶᠢᠨ ᠦᠶᠯᠡᠴᠢᠯᠡᠭᠡᠨ ᠤ ᠠᠩᠭᠢ ᠵᠡᠷᠭᠡ ᠨᠡᠶᠢᠲᠡ ᠶᠢᠨ | ᠠᠰᠠᠷᠠᠮᠵᠢ ᠶᠢᠨ ᠦᠶᠯᠡᠴᠢᠯᠡᠭᠡᠨ ᠤ ᠰᠠᠶᠢᠨ ᠳᠤᠷ᠎ᠠ ᠶᠢᠨ ᠠᠩᠭᠢ ᠶᠢ ᠵᠣᠬᠢᠶᠠᠨ ᠪᠠᠶᠢᠭᠤᠯᠵᠤ᠂ ᠣᠯᠠᠨ ᠲᠦᠮᠡᠨ ᠳᠤ | ᠨᠡᠶᠢᠲᠡ 3000 ᠭᠠᠷᠤᠶ ᠬᠦᠮᠦᠨ ᠳᠤ ᠦᠶᠯᠡᠴᠢᠯᠡᠪᠡ᠃ ᠬᠤᠶᠠᠷ ᠲᠤ᠂ ᠡᠬᠢ ᠪᠠᠶᠠᠯᠢᠭ ᠤᠨ ︽ᠠᠭᠤᠰᠤᠯᠴᠠᠯ ᠤᠨ | ᠱᠤᠭᠤᠮ︾ ᠢ ᠠᠮᠢᠳᠤᠯᠢᠭ ᠪᠣᠯᠭᠠᠵᠤ᠂ ᠨᠡᠭᠡᠭᠡᠯᠲᠡᠲᠦ ᠮᠠᠶ᠋ᠢᠭ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠢ | ᠪᠦᠷᠢᠯᠳᠦᠭᠦᠯᠪᠡ᠃ ᠬᠦᠴᠦ ᠶᠢ ᠲᠥᠪᠯᠡᠷᠡᠭᠦᠯᠦᠭᠰᠡᠨ᠂ ᠡᠶ᠎ᠡ ᠨᠠᠶᠢᠷᠠᠮᠳᠠᠭᠤ᠂ ᠪᠣᠬᠢᠷᠲᠤᠯ ᠥᠬᠡᠶ᠂ ᠣᠶᠤᠨᠴᠢ ︽ | ᠳᠥᠷᠪᠡᠨ ᠬᠡᠯᠪᠡᠷᠢ︾ ᠶᠢᠨ ᠨᠡᠶᠢᠭᠡᠮ ᠲᠣᠭᠤᠷᠢᠭ ᠢ ᠪᠠᠶᠢᠭᠤᠯᠵᠤ᠂ ᠰᠠᠭᠤᠭᠠᠯᠢ ᠠᠷᠠᠳ ᠲᠤ ᠨᠠᠷᠢᠯᠢᠭ ᠣᠨᠣᠪᠴᠢᠲᠠᠶ᠂ | ᠣᠯᠠᠨ ᠡᠰᠢᠵᠢᠭᠰᠡᠨ ᠦᠶᠯᠡᠴᠢᠯᠡᠭᠡ ᠬᠦᠷᠲᠡᠭᠡᠵᠦ᠂ ᠪᠤᠭᠤᠲᠤ ᠬᠤᠲᠠ ᠶᠢᠨ ᠨᠣᠮ ᠤᠨ ᠰᠠᠩ ᠤᠨ ᠰᠤᠳᠤᠯᠭᠠᠨ ᠤ | ᠨᠡᠶᠢᠭᠡᠮᠯᠢᠭ ᠲᠠᠢ ᠬᠠᠮᠲᠤᠷᠠᠨ᠂ ᠨᠣᠮ ᠤᠩᠰᠢᠬᠤ ᠴᠤᠭᠯᠠᠭᠠᠨ᠂ ᠳᠠᠭᠤᠤ ᠬᠥᠭᠵᠢᠮ ᠤᠨ ᠦᠳᠡᠰᠢᠯᠡᠭᠡ᠂ ᠤᠬᠠᠭᠤᠯᠤᠨ | ᠲᠠᠶᠢᠯᠪᠤᠷᠢᠯᠠᠬᠤ ᠬᠤᠷᠠᠯ᠂ ᠨᠡᠶᠢᠲᠡ ᠶᠢᠨ ᠠᠰᠠᠷᠠᠮᠵᠢ ᠶᠢᠨ ᠺᠢᠨᠤ᠋ ᠦᠵᠡᠬᠦᠯᠬᠦ ᠬᠡᠷ ᠪᠦᠯᠢ ᠪᠠᠷ ᠢᠶᠠᠨ ᠤᠷᠤᠯᠴᠠᠬᠤ ᠵᠡᠷᠭᠡ | ᠠᠵᠢᠯᠯᠠᠭ᠎ᠠ ᠶᠢ ᠡᠷᠭᠢᠯᠡᠵᠦ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠡ᠃ ᠭᠤᠷᠪᠠ ᠳᠤ᠂ | ︽ᠠᠷᠠᠳ ᠤᠨ ᠠᠮᠢᠳᠤᠷᠠᠯ ᠤᠨ ᠱᠤᠭᠤᠮ︾ ᠳᠤ ᠦᠢᠯᠡᠴᠢᠯᠡᠵᠦ᠂ ᠠᠷᠠᠳ ᠤᠨ ᠠᠮᠢᠳᠤᠷᠠᠯ ᠤᠨ ᠲᠦᠷᠦᠯ ᠵᠦᠢᠯ ᠢ | ︽ᠪᠣᠳᠠᠲᠠᠢ ᠳᠤ ᠨᠠᠶᠢᠳᠠᠪᠤᠷᠢᠵᠢᠭᠤᠯᠵᠤ ᠴᠡᠴᠡᠭᠯᠡᠭᠦᠯᠬᠦ︾ ᠶᠢ ᠠᠬᠢᠭᠤᠯᠪᠡ᠃ ᠠᠳᠠᠯ ᠠᠬᠤᠶ ᠶᠢᠨ ᠬᠦᠷᠢᠶᠡᠨ ᠳᠠᠬᠢ | ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ︽ᠠᠩᠬ᠎ᠠ ᠬᠦᠯᠢᠶᠡᠨ ᠠᠪᠤᠬᠰᠠᠨ ᠬᠦᠮᠦᠨ ᠬᠠᠷᠢᠭᠤᠴᠠᠬᠤ | ᠬᠠᠷᠢᠭᠤᠴᠠᠯᠭ᠎ᠠ ᠶᠢᠨ ᠲᠦᠷᠢᠮ︾ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠠᠳᠠᠯ ᠠᠬᠤᠶ ᠶᠢᠨ ᠬᠠᠮᠢᠶᠠᠷᠤᠯᠳᠠ ᠶᠢᠨ | ᠠᠵᠤ ᠠᠬᠤᠶᠢᠯᠠᠯ ᠲᠠᠢ ᠬᠡᠷᠡᠭ ᠵᠥᠪᠯᠡᠵᠦ ᠵᠥᠪᠳᠡᠯᠴᠡᠬᠦ ᠪᠠᠷ ᠳᠠᠮᠵᠢᠭᠤᠯᠤᠨ᠂ ᠠᠳᠠᠯ ᠠᠬᠤᠶ ᠶᠢᠨ ᠬᠠᠮᠢᠶᠠᠷᠤᠯᠳᠠ ᠶᠢᠨ | ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ 800 ᠲᠡᠭᠰᠢ ᠳᠥᠷᠪᠡᠯᠵᠢᠨ ᠮᠧᠲᠷ ᠤᠨ ᠦᠵᠡᠮᠵᠢ ᠶᠢᠨ | ᠬᠥᠭᠦᠷᠭᠡ ᠶᠢ ᠰᠣᠯᠢᠭᠤᠯᠵᠤ᠂ 100 ᠵᠠᠮ ᠤᠨ ᠳ᠋ᠧᠩ ᠢ ᠤᠭᠰᠠᠷᠠᠨ᠂ 260 ᠭᠠᠷᠤᠶ ᠰᠠᠭᠤᠷᠢ ᠲᠤᠷᠤᠭ ᠮᠣᠳᠣ᠂ | 1.8 ᠲᠦᠮᠡ ᠭᠠᠷᠤᠶ ᠰᠠᠭᠤᠷᠢ ᠪᠣᠳᠠ ᠮᠣᠳᠣ ᠳᠠᠷᠢᠵᠤ᠂ ︽ᠰᠠᠭᠤᠭᠠᠯᠢ ᠠᠷᠠᠳ ᠠᠴᠠ ᠰᠠᠨᠠᠭᠠᠴᠢᠯᠠᠵᠤ ᠨᠡᠶᠢᠭᠡᠮ | ᠲᠣᠭᠤᠷᠢᠭ ᠠᠴᠠ ᠬᠦᠯᠢᠶᠡᠨ ᠠᠪᠴᠤ᠂ ᠠᠳᠠᠯ ᠠᠬᠤᠶ ᠶᠢᠨ ᠬᠠᠮᠢᠶᠠᠷᠤᠯᠳᠠ ᠶᠢᠨ ᠠᠵᠤ ᠠᠬᠤᠶᠢᠯᠠᠯ ᠠᠴᠠ ᠵᠤᠭᠤᠰ ᠢ | ᠦᠭᠭᠦ︾ ᠪᠢᠲᠡᠭᠦᠦ ᠭᠤᠬᠴᠤᠭᠠᠳᠤ ᠵᠠᠭᠪᠤᠷ ᠢ ᠪᠡᠶᠡᠯᠡᠭᠦᠯᠪᠡ᠃ ︵ᠵᠣᠣ ᠶᠢᠨ ᠲᠠᠯ᠎ᠠ ᠵᠡᠭᠡᠯᠢ ᠭᠤᠳᠤᠮᠵᠢ︶ |