ᠥᠴᠥᠭᠡᠳᠦᠷ ᠦᠳᠡ ᠶᠢᠨ ᠡᠮᠦᠨ᠎ᠡ᠂ ᠨᠢᠭᠡᠨ ᠬᠡᠮᠡᠷᠯᠢᠭ ᠲᠤᠭ ᠬᠦᠷᠭᠡᠭᠳᠡᠵᠤ ᠢᠷᠡᠪᠡ ᠁
ᠨᠡᠶᠢᠲᠡᠯᠡᠭᠰᠡᠨ ᠴᠠᠭ᠄
2023/12/1
    11 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠲᠦᠩ ᠸᠧᠶ ᠴᠤᠯ ᠴᠡᠪᠡᠷ ᠲᠠᠯᠠᠰᠲᠤ ᠴᠠᠬᠢᠭᠤᠷ ᠤᠨ ᠬᠢᠵᠠᠭᠠᠷᠲᠤ ᠺᠣᠮᠫᠠᠨᠢ ︽ᠪᠥᠬᠦ ᠰᠡᠳᠬᠢᠯ ᠢᠶᠠᠷ ᠢᠶᠠᠨ ᠠᠵᠤ ᠠᠬᠤᠶᠢᠯᠠᠯ ᠳᠤ ᠦᠶᠯᠡᠴᠢᠯᠡᠵᠦ᠂ ︿ᠲᠠᠨ ᠳᠤ ᠬᠠᠨᠤᠮᠵᠢᠳᠠᠢ ᠪᠤᠭᠤᠳᠤ﹀ ᠶᠢ ᠪᠠᠶᠢᠭᠤᠯᠬᠤ ᠶᠢ ᠦᠢᠯᠡᠳᠦᠯᠭᠡᠵᠢᠬᠦᠯᠦᠨ᠎ᠡ︾ ᠭᠡᠰᠡᠨ ᠬᠡᠳᠦᠨ ᠦᠰᠦᠭ ᠲᠠᠢ ᠬᠡᠮᠡᠷᠯᠢᠭ ᠲᠤᠭ ᠢ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ ᠳᠤ ᠬᠦᠷᠭᠡᠵᠦ ᠢᠷᠡᠵᠦ᠂ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ ᠥᠨᠳᠥᠷ ᠪᠦᠲᠦᠮᠵᠢᠲᠡᠶ ᠪᠠᠷ ᠠᠵᠢᠯ ᠶᠠᠪᠤᠳᠠᠯ ᠭᠦᠶᠴᠡᠳᠬᠡᠵᠤ᠂ ᠬᠠᠯᠠᠭᠤᠮᠰᠤᠭ ᠦᠶᠯᠡᠴᠢᠯᠡᠭᠡ ᠬᠠᠩᠭᠠᠵᠤ ᠪᠠᠶᠢᠬᠤ ᠳᠤ ᠮᠠᠭᠲᠠᠭᠠᠯ ᠰᠠᠶᠢᠰᠢᠶᠠᠯ ᠪᠠ ᠲᠠᠯᠠᠷᠬᠠᠯ ᠤᠨ ᠰᠡᠳᠬᠢᠯᠭᠡ ᠪᠠᠨ ᠢᠯᠡᠳᠬᠡᠪᠡ᠃
     ᠣᠶᠢᠷ᠎ᠠ ᠶᠢᠨ ᠵᠢᠯ ᠤᠨ ᠲᠤᠷᠰᠢ᠂ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ ᠨᠢ ᠬᠤᠲᠠ ᠲᠣᠭᠤᠷᠢᠭ ᠬᠤᠶᠠᠷ ᠱᠠᠲᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠶᠯ ᠤᠨ ᠱᠠᠭᠠᠷᠳᠠᠯᠭ᠎ᠠ ᠶᠣᠰᠣᠭᠠᠷ᠂ ︽ᠯᠠᠪᠳᠠᠢ ᠰᠢᠶᠳᠪᠦᠷᠢᠯᠡᠬᠦ ᠠᠷᠭ᠎ᠠ ᠪᠠᠶᠢᠬᠤ ᠰᠡᠳᠬᠢᠬᠦᠶ᠂ ᠰᠢᠢᠳᠪᠦᠷᠢᠯᠡᠬᠦ ᠠᠷᠭ᠎ᠠ ᠶᠢ ᠰᠢᠯᠢᠳᠡᠭᠵᠢᠭᠦᠯᠬᠦ ᠰᠡᠳᠬᠢᠬᠦᠶ︾ ᠶᠢ ᠪᠠᠲᠤ ᠪᠣᠶ ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠶᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠪᠥᠷ ᠮᠣᠩᠭᠤᠯ ᠤᠨ ᠲᠦᠩ ᠸᠧᠶ ᠴᠤᠯ ᠴᠡᠪᠡᠷ ᠲᠠᠯᠠᠰᠲᠤ ᠴᠠᠬᠢᠭᠤᠷ᠂ ᠪᠸᠢ ᠯᠠᠨ ᠭᠤᠤᠯ ᠢᠯᠳᠠᠰᠤ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠶᠯ ᠳᠤ ᠤᠷᠢᠳᠴᠢᠯᠠᠨ ᠦᠢᠯᠡᠴᠢᠯᠡᠵᠦ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠤᠷᠢᠳᠴᠢᠯᠠᠨ ᠬᠢᠨᠠᠨ ᠬᠠᠷᠭᠤᠭᠤᠯᠵᠤ᠂ ᠪᠥᠲᠥᠭᠡᠨ ᠪᠠᠶᠢᠭᠤᠯᠬᠤ ᠨᠢᠭᠡᠴᠢ ᠶᠢ ᠵᠢᠯᠣᠭᠤᠳᠤᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠲᠥᠰᠦᠯ ᠤᠨ ᠨᠤᠲᠠᠯᠠᠯᠲᠠ ᠶᠢ ᠬᠦᠢᠴᠡᠳᠬᠡᠬᠦ᠂ ᠦᠶᠯᠡᠳᠪᠦᠷᠢᠯᠡᠯ ᠤᠨ ᠤᠷ᠎ᠠ ᠮᠡᠷᠭᠡᠰᠢᠯ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠶᠢ ᠰᠠᠶᠢᠲᠤᠷ ᠬᠢᠵᠦ  ᠂  ᠠᠮᠢ ᠠᠬᠤᠢ ᠣᠷᠴᠢᠨ ᠲᠤᠭᠤᠷᠢᠨ ᠳᠤ ᠦᠵᠡᠬᠦᠯᠬᠦ ᠨᠦᠯᠦᠬᠡ ᠶᠢᠨ ᠦᠨᠡᠯᠡᠯᠲᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢ ᠱᠠᠯᠠᠪᠳᠠᠭᠤᠯᠤᠨ ᠠᠮᠢ ᠠᠬᠤᠢ ᠣᠷᠴᠢᠨ ᠲᠤᠭᠤᠷᠢᠨ ᠳᠤ ᠦᠵᠡᠬᠦᠯᠬᠦ ᠨᠦᠯᠦᠬᠡ ᠶᠢᠨ ᠦᠨᠡᠯᠡᠯᠲᠡ ᠶᠢ ᠨᠠᠶᠢᠷᠠᠭᠤᠯᠤᠨ ᠵᠣᠬᠢᠶᠠᠬᠤ ᠦᠷ᠎ᠡ ᠠᠰᠢᠭ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠪᠤᠭᠤᠨᠢᠰᠬᠠᠵᠤ᠂ ᠠᠮᠢ ᠠᠬᠤᠢ ᠣᠷᠴᠢᠨ ᠲᠤᠭᠤᠷᠢᠨ ᠳᠤ ᠦᠵᠡᠬᠦᠯᠬᠦ ᠨᠦᠯᠦᠬᠡ ᠶᠢᠨ ᠦᠨᠡᠯᠡᠯᠲᠡ ᠶᠢ ᠬᠢᠨᠠᠨ ᠵᠥᠪᠰᠢᠶᠡᠷᠡᠬᠦ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠵᠦ᠂ ᠠᠵᠤ ᠠᠬᠤᠶᠢᠯᠠᠯ ᠤᠨ ᠬᠠᠮᠤᠭ ᠤᠨ ᠣᠬᠤᠷᠬᠠᠨ ᠬᠤᠭᠤᠴᠠᠭᠠᠨ ᠳᠤ ᠠᠮᠢ ᠠᠬᠤᠢ ᠣᠷᠴᠢᠨ ᠲᠤᠭᠤᠷᠢᠨ ᠳᠤ ᠦᠵᠡᠬᠦᠯᠬᠦ ᠨᠦᠯᠦᠬᠡ ᠶᠢᠨ ᠦᠨᠡᠯᠡᠯᠲᠡ ᠶᠢᠨ ᠴᠣᠬᠤᠯᠠᠪᠤᠷᠢᠯᠠᠯ ᠢ ᠤᠯᠵᠤ ᠠᠪᠬᠤ ᠶᠢ ᠪᠠᠲᠤᠯᠠᠪᠠ᠃     2023 ᠣᠨ ᠳᠤ ᠬᠥᠨᠳᠡᠯᠡᠨ ᠲᠣᠭᠤᠷᠢᠭ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠶᠯ ᠨᠡᠶᠢᠲᠡ 95 ᠪᠠᠶᠢᠵᠤ᠂ ᠣᠳᠣᠬᠠᠨ ᠳᠤ ᠪᠦᠬᠦᠨ ᠢ ᠠᠮᠢ ᠠᠬᠤᠢ ᠣᠷᠴᠢᠨ ᠲᠤᠭᠤᠷᠢᠨ ᠳᠤ ᠦᠵᠡᠬᠦᠯᠬᠦ ᠨᠦᠯᠦᠬᠡ ᠶᠢᠨ ᠦᠨᠡᠯᠡᠯᠲᠡ ᠶᠢᠨ ᠭᠠᠷᠳᠠᠮ ᠢ ᠭᠦᠶᠴᠡᠳᠬᠡᠵᠦ᠂ ᠭᠦᠶᠴᠡᠳᠬᠡᠵᠦ ᠳᠠᠭᠤᠰᠬᠠᠭᠰᠠᠨ ᠨᠣᠷᠮ᠎ᠠ ᠨᠢ 100% ᠳᠤ ᠬᠦᠷᠴᠡᠶ᠃     ᠲᠠᠷᠠᠭᠠᠴᠢ ᠶᠢᠨ ᠠᠯᠬᠤᠮ ᠳᠤ᠂ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ ᠲᠥᠷᠥᠯ ᠵᠦᠶᠯ ᠢ ᠭᠦᠶᠴᠡᠳᠬᠡᠬᠦ ᠠᠬᠢᠴᠠ ᠶᠢ ᠦᠷᠭᠦᠯᠵᠢᠯᠡᠨ ᠨᠢᠬᠳᠠ ᠴᠢᠩᠭ᠎ᠠ ᠠᠩᠬᠠᠷᠴᠤ᠂ ︽ᠨᠢᠭᠡ ᠲᠥᠷᠥᠯ ᠵᠦᠶᠯ ᠳᠤ ᠨᠢᠭᠡ ᠲᠥᠰᠦᠯ︾ ᠢ ᠲᠣᠭᠲᠠᠭᠠᠵᠤ᠂ ᠲᠤᠰᠬᠠᠶ ᠬᠥᠮᠦᠨ ᠲᠤᠬᠢᠷᠠᠭᠤᠯᠵᠤ ᠲᠤᠰᠬᠠᠶ ᠭᠦᠶᠴᠡᠳᠬᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠪᠠ ᠲᠥᠷᠥᠯ ᠵᠦᠶᠯ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠶᠯᠡᠴᠢᠯᠡᠭᠡ ᠬᠠᠩᠭᠠᠵᠤ᠂ ᠬᠥᠨᠳᠡᠯᠡᠨ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︵ᠢᠷᠡᠯᠲᠡ᠄ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠥᠨᠳᠡᠯᠡᠨ ᠲᠣᠭᠤᠷᠢᠭ ᠤᠨ ᠬᠤᠪᠢᠶᠠᠷᠢ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号