ᠬᠠᠯᠳᠠᠪᠤᠷᠢᠲᠤ ᠬᠠᠨᠢᠶᠠᠳᠤ ᠳᠡᠯᠭᠡᠷᠡᠭᠰᠡᠨ ᠪᠠᠶᠢᠳᠠᠯ  ᠳᠤ ᠥᠪᠡᠷ ᠢ ᠪᠠᠨ ᠶᠠᠭᠠᠬᠢᠵᠤ ᠬᠠᠮᠠᠭᠠᠯᠠᠬᠤ ᠪᠣᠢ︖
ᠨᠡᠶᠢᠲᠡᠯᠡᠭᠰᠡᠨ ᠴᠠᠭ᠄
2023/12/1
     ᠣᠶᠢᠷ᠎ᠠ ᠳᠤ᠂ ᠪᠦᠬᠦ ᠤᠯᠤᠰ ᠤᠨ ᠬᠡᠪᠴᠢᠶᠡᠨ ᠳᠤ ᠬᠥᠬᠡ ᠲᠥᠷᠥᠯ ᠤᠨ ᠪᠣᠯᠣᠨ ᠬᠥᠬᠡᠭᠴᠢᠨ ᠲᠥᠷᠥᠯ ᠤᠨ ᠬᠠᠯᠳᠠᠪᠤᠷᠢᠲᠤ ᠬᠠᠨᠢᠶᠠᠳᠤ᠂ ᠮᠢᠺᠣᠫᠠᠯᠠᠽᠮᠧ ︵支原体) ᠵᠡᠷᠭᠡ ᠣᠯᠠᠨ ᠲᠥᠷᠥᠯ ᠤᠨ ᠬᠠᠨᠢᠶᠠᠳᠤ ᠲᠠᠭᠰᠢᠭᠤᠷ ᠳᠡᠯᠭᠡᠷᠡᠵᠦ᠂ ᠣᠯᠠᠨ ᠬᠥᠮᠥᠨ ᠡᠪᠡᠳᠴᠢᠯᠡᠵᠦ᠂ ᠵᠠᠷᠢᠮ ᠭᠠᠵᠠᠷ ᠣᠷᠣᠨ ᠤ ᠰᠤᠷᠭᠠᠭᠤᠯᠢ ᠴᠡᠴᠡᠷᠯᠢᠭ ᠨᠢ ᠬᠦᠷᠲᠡᠯ᠎ᠡ ᠲᠦᠷ ᠵᠣᠭᠰᠤᠩᠭᠤᠶᠢᠷᠠᠭᠰᠠᠨ ᠪᠠᠶᠢᠨ᠎ᠠ᠃     ᠡᠨᠡ ᠪᠠᠶᠢᠳᠠᠯ ᠳᠤ ᠴᠢᠭᠯᠡᠭᠦᠯᠵᠦ᠂ ᠰᠤᠷᠪᠤᠯᠵᠢᠯᠠᠭᠴᠢ ᠣᠶᠢᠷ᠎ᠠ ᠳᠤ ᠬᠠᠯᠳᠠᠪᠤᠷᠢᠲᠤ ᠡᠪᠡᠳᠴᠢᠨ ᠤ ᠰᠠᠯᠠᠭᠠᠨ ᠤ ᠡᠮᠴᠢ ᠲᠠᠢ ᠬᠠᠷᠢᠯᠴᠠᠵᠤ᠂ ᠡᠨᠡ ᠵᠢᠯ ᠤᠨ ᠡᠪᠦᠯ ᠤᠨ ᠬᠠᠯᠳᠠᠪᠤᠷᠢᠲᠤ ᠡᠪᠡᠳᠴᠢᠨ ᠤ ᠳᠡᠯᠭᠡᠷᠡᠵᠦ ᠪᠠᠶᠢᠭ᠎ᠠ ᠪᠠᠶᠢᠳᠠᠯ᠂ ᠬᠠᠯᠳᠠᠪᠤᠷᠢᠲᠤ ᠬᠠᠨᠢᠶᠠᠳᠤ ᠠᠴᠠ ᠰᠡᠷᠭᠡᠶᠢᠯᠡᠬᠦ᠂ ᠣᠨᠴᠠᠭᠠᠶᠢᠯᠠᠨ ᠬᠡᠦᠬᠡᠳ ᠪᠣᠯᠣᠨ ᠨᠠᠰᠤᠲᠠᠶᠢᠴᠤᠳ ᠢ ᠬᠠᠮᠠᠭᠠᠯᠠᠬᠤ ᠠᠷᠭ᠎ᠠ ᠪᠠᠷᠢᠯ ᠤᠨ ᠲᠤᠬᠠᠢ ᠣᠶᠢᠯᠠᠭᠠᠭᠰᠠᠨ ᠪᠠᠶᠢᠨ᠎ᠠ᠃
     ᠵᠣᠣ ᠰᠢᠦ ᠶᠠᠨ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠰᠠᠯᠠᠭᠠᠨ ᠤ ᠡᠮᠴᠢ᠂ ᠡᠯ᠎ᠡ ᠵᠦᠢᠯ ᠤᠨ ᠠᠮᠢᠰᠬᠤᠯ ᠤᠨ ᠵᠠᠮ ᠤᠨ ᠪᠣᠯᠣᠨ ᠭᠡᠳᠡᠰᠦᠨ ᠤ ᠬᠠᠯᠳᠠᠪᠤᠷᠢᠲᠤ ᠡᠪᠡᠳᠴᠢᠨ᠂ ᠤᠴᠢᠷ ᠰᠢᠯᠲᠠᠭᠠᠨ ᠨᠢ ᠲᠣᠳᠣ ᠦᠭᠡᠢ ᠬᠠᠯᠠᠭᠤᠷᠠᠬᠤ ᠵᠡᠷᠭᠡ ᠡᠪᠡᠳᠴᠢᠨ ᠢ ᠮᠣᠩᠭᠤᠯ ᠡᠸᠦ᠋ᠷᠦᠫᠡ ᠡᠮᠨᠡᠯᠭᠡ ᠶᠢᠨ ᠠᠷᠭ᠎ᠠ ᠪᠠᠷᠢᠯ ᠢᠶᠠᠷ ᠣᠨᠣᠰᠢᠯᠠᠬᠤ᠂ ᠡᠮᠨᠡᠨ ᠵᠠᠰᠠᠬᠤ ᠵᠡᠷᠭᠡ ᠮᠡᠷᠭᠡᠵᠢᠯ ᠤᠨ ᠴᠢᠭᠯᠡᠯ ᠲᠠᠢ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号