ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ ᠪᠥᠬᠦ ᠲᠤᠭᠤᠷᠢᠭ  ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2023/12/11
   12 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠪᠣᠯᠤᠨ ᠢᠷᠡᠬᠦ ᠵᠢᠯ ᠤᠨ ᠭᠤᠤᠯᠳᠠᠯᠭ᠎ᠠ ᠲᠠᠢ ᠲᠥᠷᠥᠯ ᠵᠦᠶᠯ ᠢ ᠲᠦᠯᠦᠪᠵᠢᠬᠦᠯᠵᠦ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃  
    ᠲᠤᠭᠤᠷᠢᠭ ᠤᠨ ᠤᠳᠤᠷᠢᠳᠤᠯᠭ᠎ᠠ ᠯᠢ ᠵᠦᠩ᠂ ᠢᠦᠢ ᠷᠦᠢ ᠴᠢᠩ᠂ ᠶᠠᠩ ᠶᠦᠩ᠂ ᠵᠧᠦ ᠬᠠᠢ ᠹᠸᠢ ᠬᠤᠷᠠᠯ ᠳᠤ ᠣᠷᠣᠯᠴᠠᠪᠠ᠃        ᠶᠢᠨ ᠶᠦᠩ ᠯᠢ᠂ ᠲᠤᠭᠤᠷᠢᠭ ᠳᠠᠶᠠᠭᠠᠷ ᠢᠶᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠥᠯᠥᠪᠵᠢᠭᠦᠯᠦᠨ ᠠᠬᠢᠭᠤᠯᠬᠤ ᠶᠢ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠭᠠᠨ ᠠᠳᠬᠤᠵᠤ᠂ ᠲᠦᠷᠦᠯ ᠵᠦᠢᠯ ᠢ ᠠᠳᠬᠤᠵᠤ ᠪᠡᠯᠡ ᠣᠷᠣᠭᠤᠯᠤᠯᠲᠠ ᠶᠢ ᠠᠬᠢᠭᠤᠯᠬᠤ ᠲᠤᠯᠭᠠᠮ ᠤᠬᠠᠮᠰᠠᠷ᠂ ᠠᠵᠠ ᠲᠣᠬᠢᠶᠠᠯ ᠤᠨ ᠤᠬᠠᠮᠰᠠᠷ᠂ ᠬᠠᠷᠢᠭᠤᠴᠠᠯᠭᠠᠲᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠬᠠᠷᠠᠯᠲᠠ ᠪᠠᠨ ᠴᠢᠩᠭ᠎ᠠ ᠮᠦᠷᠳᠡᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠲᠤᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠰᠢᠨ᠎ᠡ ᠶᠢ ᠡᠭᠦᠳᠦᠨ ᠬᠥᠭᠵᠢᠬᠦ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠪᠦᠬᠦ ᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠨᠠᠷᠢᠨ ᠬᠢᠨᠠᠮᠠᠭᠠᠢ ᠪᠦᠷᠢᠳᠬᠡᠵᠦ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠠᠳᠬᠤᠨ᠂ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠠᠳᠬᠤᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠬᠦ ᠬᠡᠷᠡᠭᠲᠡᠢ᠃ ᠢᠷᠡᠬᠦ ᠵᠢᠯ ᠤᠨ ᠴᠢᠬᠤᠯᠠ ᠶᠡᠭᠡ ᠲᠥᠷᠥᠯ ᠵᠦᠶᠯ ᠤᠨ ᠴᠢᠬᠤᠯᠠ ᠡᠯᠧᠮᠧᠨ᠋ᠲ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠪᠦᠷᠢᠳᠬᠡᠨ ᠡᠮᠬᠢᠯᠡᠵᠦ᠂ ᠲᠥᠷᠥᠯ ᠵᠦᠶᠯ ᠢ ᠤᠷᠢᠳᠴᠢᠯᠠᠨ ᠲᠥᠯᠥᠪᠵᠢᠭᠦᠯᠵᠦ᠂ ᠭᠠᠷᠳᠠᠮ ᠢ ᠱᠠᠯᠠᠪᠳᠠᠨ ᠭᠦᠶᠴᠡᠳᠬᠡᠵᠦ᠂ ᠦᠶᠯᠡᠴᠢᠯᠡᠭᠡ ᠪᠠᠲᠤᠯᠠᠭ᠎ᠠ ᠶᠢᠨ ᠪᠡᠯᠡᠳᠬᠡᠯ ᠢ ᠤᠨᠢᠨ ᠲᠡᠭᠡᠷ᠎ᠡ ᠨᠢ ᠰᠠᠶᠢᠲᠤᠷ ᠬᠢᠵᠦ᠂ ︽ᠬᠠᠪᠤᠷ ᠤᠷᠤᠮᠠᠬᠴᠠ ᠠᠵᠢᠯ ᠢᠶᠠᠨ ᠡᠬᠢᠯᠡᠭᠦᠯᠬᠦ︾ ᠶᠢ ᠪᠠᠲᠤᠯᠠᠬᠤ ᠬᠡᠷᠡᠭᠲᠡᠶ᠃ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠪᠦᠳᠦᠬᠡᠨ ᠪᠠᠶᠢᠭᠤᠯᠵᠤ ᠪᠠᠶᠢᠭ᠎ᠠ ᠲᠥᠷᠥᠯ ᠵᠦᠶᠯ ᠢ ᠨᠢᠬᠲᠠ ᠠᠩᠬᠠᠷᠴᠤ᠂ ᠨᠢᠬᠡᠨᠳᠡ ᠨᠠᠶᠢᠳᠠᠪᠤᠷᠢᠵᠢᠭᠤᠯᠤᠬᠰᠠᠨ ᠲᠥᠷᠥᠯ ᠵᠦᠶᠯ ᠢ ᠡᠮᠬᠢᠯᠡᠨ ᠪᠦᠷᠢᠳᠬᠡᠵᠤ᠂ ᠶᠠᠭ ᠬᠡᠯᠡᠯᠴᠡᠵᠦ ᠪᠠᠶᠢᠭ᠎ᠠ ᠲᠥᠷᠥᠯ ᠵᠦᠶᠯ ᠢ ᠮᠦᠷᠳᠡᠨ ᠳᠠᠭᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠴᠠᠭ ᠤᠨ ᠵᠠᠩᠭᠢᠯᠠᠭ᠎ᠠ ᠶᠢᠨ ᠴᠡᠭ ᠢ ᠨᠢᠬᠲᠠ ᠡᠵᠡᠮᠳᠡᠨ᠂ ᠨᠠᠷᠢᠨ ᠲᠠᠩᠰᠠ ᠶᠢᠨ ᠬᠡᠯᠪᠡᠷᠢ ᠪᠠᠷ ᠲᠥᠷᠥᠯ ᠬᠤᠪᠢᠶᠠᠨ ᠠᠬᠢᠭᠤᠯᠬᠤ ᠬᠡᠷᠡᠭᠲᠡᠶ᠃ ᠦᠷ᠎ᠡ ᠪᠦᠲᠦᠮᠵᠢ ᠪᠠᠷ ᠲᠤᠤᠷ᠎ᠠ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠠᠮᠢᠳᠤᠯᠢᠭ ᠪᠤᠯᠭᠠᠨ ᠠᠰᠢᠭᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠵᠢᠭᠦᠯᠦᠨ ᠠᠰᠢᠭᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠠᠮᠵᠢᠯᠴᠠᠭ᠎ᠠ ᠵᠣᠬᠢᠴᠠᠭᠤᠯᠭ᠎ᠠ  ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠤᠷᠰᠢᠯᠴᠠᠭ᠎ᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠶᠠᠪᠤᠴᠠ ᠶᠢᠨ ᠦᠶᠯᠡᠴᠢᠯᠡᠭᠡ ᠶᠢ ᠲᠡᠷᠡ ᠶᠣᠰᠣᠭᠠᠷ ᠨᠢ ᠰᠠᠶᠢᠲᠤᠷ ᠬᠢᠵᠦ᠂ ᠨᠠᠩ ᠣᠯᠠᠨ ᠲᠥᠷᠥᠯ ᠵᠦᠶᠯ ᠢ ᠡᠷᠲᠡᠬᠡᠨ ᠪᠥᠲᠥᠭᠡᠨ ᠪᠠᠶᠢᠭᠤᠯᠵᠤ ᠪᠦᠳᠦᠬᠡᠬᠦ᠂ ᠡᠷᠲᠡᠬᠡᠨ ᠠᠰᠢᠭᠯᠠᠯᠲᠠ ᠳᠤ ᠣᠷᠣᠭᠤᠯᠬᠤ᠂ ᠡᠷᠲᠡᠬᠡᠨ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ ︵ᠰᠤᠷᠪᠤᠯᠵᠢᠯᠠᠭᠴᠢ᠄ ᠹᠧᠩ ᠰᠢᠤᠸᠠᠢ    ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号