ᠪᠤᠷᠬᠠᠨᠲᠤ ᠪᠠᠯᠭᠠᠰᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠡᠷᠡᠭᠦᠯ ᠮᠡᠨᠳᠦ ᠶᠢ ᠬᠠᠯᠠᠮᠵᠢᠯᠠᠵᠤ ᠠᠷᠠᠳ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2023/12/14
    12 ᠰᠠᠷ᠎ᠠ ᠶᠢᠨ 1᠎ ᠤ ᠡᠳᠦᠷ᠂ ᠪᠤᠷᠬᠠᠨᠲᠤ ᠪᠠᠯᠭᠠᠰᠤ 5 ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ 12 ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠠᠯᠪᠠᠨ ᠵᠢᠷᠤᠮ ᠤᠨ ᠡᠮᠴᠢᠯᠡᠭᠡᠨ ᠤ ᠦᠶᠯᠡᠴᠢᠯᠡᠭᠡᠨ ᠤ ᠪᠦᠯᠬᠦᠮ ᠢ ᠪᠠᠶᠢᠭᠤᠯᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠴᠢᠰᠤᠨ ᠳᠠᠷᠤᠯᠲᠠ ᠴᠢᠰᠤᠨ ᠰᠢᠬᠢᠷ ᠢ ᠪᠠᠶᠢᠴᠠᠭᠠᠨ ᠬᠡᠮᠵᠢᠬᠦ᠂ ᠬᠤᠳᠣᠭᠤᠳᠣ ᠭᠡᠳᠡᠰᠦᠨ ᠤ ᠡᠪᠡᠳᠴᠢᠨ ᠤ ᠵᠥᠪᠯᠡᠯᠭᠡ ᠥᠭᠬᠦ᠂ ᠦᠶ᠎ᠡ ᠬᠡᠰᠢᠬᠦᠦ ᠶᠢᠨ ᠦᠷᠪᠢᠰᠦᠯ ᠢ ᠰᠡᠷᠭᠡᠶᠢᠯᠡᠨ ᠵᠠᠰᠠᠬᠤ ᠵᠡᠷᠭᠡ ᠦᠢᠯᠡᠴᠢᠯᠡᠭᠡ ᠬᠠᠩᠭᠠᠪᠠ᠃ ᠲᠣᠰ ᠤᠳᠠᠭ᠎ᠠ ᠶᠢᠨ ᠠᠯᠪᠠᠨ ᠵᠢᠷᠤᠮ ᠤᠨ ᠡᠮᠴᠢᠯᠡᠭᠡ ᠳᠤ ᠨᠡᠶᠢᠲᠡ 600 ᠭᠠᠷᠤᠶ ᠬᠤᠪᠢ ᠡᠷᠡᠭᠦᠯ ᠮᠡᠨᠳᠦ ᠶᠢᠨ ᠮᠡᠳᠡᠯᠭᠡ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ 100 ᠭᠠᠷᠤᠶ ᠬᠥᠮᠦᠨ ᠤᠳᠠᠭ᠎ᠠ ᠳᠤ ᠦᠶᠯᠡᠴᠢᠯᠡᠵᠦ᠂ 50 ᠬᠥᠮᠦᠨ ᠤᠳᠠᠭ᠎ᠠ ᠳᠤ ᠡᠷᠡᠭᠦᠯ ᠮᠡᠨᠳᠦ ᠶᠢᠨ ᠵᠥᠪᠯᠡᠯᠭᠡ ᠬᠠᠩᠭᠠᠪᠠ᠃   ︵ᠪᠤᠷᠬᠠᠨᠲᠤ ᠪᠠᠯᠭᠠᠰᠤ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号