ᠤᠳᠠᠨ ᠰᠡᠬᠦᠳᠡᠷᠲᠦ ᠵᠠᠮ ᠵᠡᠭᠡᠯᠢ ᠭᠤᠳᠤᠮᠵᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠰᠠᠶᠢᠲᠤᠷ ᠬᠢᠵᠦ᠂ ᠠᠵᠢᠯ ᠣᠯᠭᠤᠯᠲᠠ ᠶᠢᠨ ᠠᠰᠠᠭᠤᠳᠠᠯ ᠤᠨ ︽ᠲᠦᠭᠵᠢᠷᠡᠯ ᠴᠡᠭ︾ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2023/12/19
    ᠨᠢᠭᠡ ᠳᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠶᠢ ᠠᠭᠤᠰᠤᠯᠴᠠᠭᠤᠯᠤᠭᠰᠠᠨ ᠦᠶᠯᠡᠴᠢᠯᠡᠭᠡᠨ ᠤ ᠵᠠᠭᠪᠤᠷ ᠢ ᠬᠡᠷᠡᠭᠵᠢᠬᠦᠯᠪᠡ᠃ ᠠᠷᠠᠳ ᠤᠨ ᠲᠥᠯᠥᠭᠡ ᠠᠵᠢᠯ ᠶᠠᠪᠤᠳᠠᠯ ᠭᠦᠶᠴᠡᠳᠬᠡᠬᠦ ᠳᠤ ︽ᠦᠴᠦᠬᠡᠨ ᠴᠤ ᠰᠠᠭᠠᠲᠠᠭᠠᠬᠤ ᠦᠭᠡᠢ ᠪᠠᠶᠢᠬᠤ︾ ᠶᠢ ᠪᠡᠶᠡᠯᠡᠭᠦᠯᠵᠦ᠂ ᠪᠥᠬᠦ ᠵᠢᠯ ᠳᠤ 1.3299 ᠲᠦᠮᠡᠨ ᠬᠤᠪᠢ ᠲᠤᠬᠠᠶᠢᠯᠠᠭᠰᠠᠨ ᠠᠵᠢᠯ ᠢ ᠭᠦᠶᠴᠡᠳᠬᠡᠵᠦ᠂          1.3296 ᠲᠦᠮᠡᠨ ᠬᠤᠪᠢ ᠶᠢ ᠰᠢᠶᠳᠪᠦᠷᠢᠯᠡᠵᠦ ᠳᠠᠭᠤᠰᠬᠠᠵᠤ᠂ ᠰᠢᠶᠳᠪᠦᠷᠢᠯᠡᠵᠦ ᠳᠠᠭᠤᠰᠬᠠᠭᠰᠠᠨ ᠨᠣᠷᠮ᠎ᠠ     99.9 % ᠳᠤ ᠬᠥᠷᠪᠡ︔ ᠡᠬᠦᠨ ᠳᠤ ᠬᠠᠪᠰᠤᠷᠤᠨ ᠭᠦᠢᠴᠡᠳᠬᠡᠭᠰᠡᠨ ᠪᠠ ᠤᠷᠤᠯᠠᠨ ᠬᠦᠢᠴᠡᠳᠭᠡᠭᠰᠡᠨ ᠨᠢ 1939 ᠬᠤᠪᠢ᠂ ᠤᠯᠠᠨ ᠲᠦᠮᠡᠨ ᠤ ᠰᠠᠶᠢᠨ ᠦᠨᠡᠯᠡᠯᠲᠡ ᠶᠢ ᠤᠯᠤᠬᠰᠠᠨ ᠨᠤᠷᠮ᠎ᠠ 100%᠃ ᠬᠤᠶᠠᠷ ᠲᠤ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ    ᠪᠠᠲᠤᠯᠠᠪᠠ᠃ ᠠᠵᠢᠯ ᠤᠯᠬᠤ ᠳᠤ ᠬᠦᠴᠢᠷᠲᠡᠶ 129 ᠬᠥᠮᠦᠰ ᠲᠤ ᠰᠢᠨ᠎ᠡ ᠪᠠᠷ ᠠᠮᠢᠳᠤᠯᠢᠭ ᠢᠶᠠᠷ ᠠᠵᠢᠯ ᠣᠯᠭᠤᠪᠠ︔ ᠠᠵᠢᠯ ᠤᠯᠬᠤ ᠳᠤ ᠬᠦᠴᠢᠷᠲᠡᠶ ᠬᠥᠮᠦᠰ ᠲᠤ ᠠᠮᠢᠳᠤᠯᠢᠭ ᠢᠶᠠᠷ ᠠᠵᠢᠯ ᠤᠯᠭᠤᠬᠤ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠶᠢ 15.07 ᠲᠦᠮᠡᠨ ᠲᠥᠭᠦᠷᠢᠭ ᠭᠤᠶᠤᠴᠢᠯᠠᠵᠤ ᠦᠭᠪᠡ︔ ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ 609 ᠵᠤᠷᠪᠤᠰ ᠠᠵᠢᠯ ᠣᠯᠤᠭᠰᠠᠳ ᠤᠨ ᠮᠡᠳᠡᠭᠡ ᠵᠠᠩᠭᠢ ᠶᠢ ᠣᠷᠣᠭᠤᠯᠵᠤ᠂ 2.56 ᠲᠦᠮᠡᠨ ᠵᠤᠷᠪᠤᠰ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠣᠷᠣᠭᠤᠯᠵᠤ᠂ ᠪᠡᠶᠡᠯᠡᠭᠦᠯᠦᠭᠰᠡᠨ ᠨᠣᠷᠮ᠎ᠠ 100% ᠳᠤ ᠬᠥᠷᠪᠡ᠃  ︵ᠤᠳᠠᠨ ᠰᠡᠬᠦᠳᠡᠷᠲᠦ ᠵᠠᠮ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号