ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/21
    12 ᠰᠠᠷ᠎ᠠ ᠶᠢᠨ 19 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ    ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ 2024 ᠣᠨ ᠤ ᠵᠠᠰᠠᠭ ᠤᠨ ᠣᠷᠳᠣᠨ ᠤ ᠪᠠᠯᠠ ᠤᠷᠤᠭᠤᠯᠬᠤ ᠲᠥᠷᠥᠯ ᠵᠦᠶᠯ ᠢ ᠲᠥᠰᠦᠪᠯᠡᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠲᠤᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠯᠢ ᠵᠦᠩ᠂ ᠢᠦᠢ ᠷᠦᠢ ᠴᠢᠩ᠂ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠵᠧᠦ ᠬᠠᠢ ᠹᠸᠢ᠂ ᠵᠢᠶᠤᠤ ᠶᠠᠨ ᠯᠦᠩ ᠬᠤᠷᠠᠯ ᠳᠤ ᠣᠷᠣᠯᠴᠠᠪᠠ᠃       ᠶᠢᠨ ᠶᠦᠩ ᠯᠢ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠡᠭᠡᠷ᠎ᠡ ᠭᠤᠷᠪᠠᠨ ᠱᠠᠲᠤᠨ ᠤ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠭᠦᠨᠵᠡᠭᠡᠢ ᠰᠤᠳᠤᠯᠤᠨ ᠵᠦᠪ ᠣᠨᠣᠪᠴᠢᠲᠠᠢ ᠡᠵᠡᠮᠳᠡᠵᠦ᠂ ᠲᠦᠷᠦᠯ ᠵᠦᠢᠯ ᠢ ᠲᠥᠰᠦᠪᠯᠡᠨ ᠨᠥᠭᠡᠴᠡᠯᠡᠬᠦ ᠪᠠ ᠭᠤᠶᠤᠴᠢᠯᠠᠨ ᠮᠡᠳᠡᠭᠦᠯᠬᠦ ᠶᠢ ᠴᠢᠩᠭᠠᠳᠬᠠᠨ᠂ ᠳᠡᠭᠡᠷ᠎ᠡ ᠱᠠᠳᠤᠨ ᠠᠴᠠ ᠪᠡᠯᠡ ᠮᠥᠩᠭᠦ᠂ ᠲᠦᠷᠦ ᠶᠢᠨ ᠪᠤᠳᠤᠯᠭ᠎ᠠ ᠶᠢ ᠴᠢᠷᠮᠠᠶᠢᠨ ᠤᠯᠵᠤ ᠠᠪᠴᠢᠷᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠳᠤ ᠦᠨᠡᠨ ᠬᠦ ᠬᠦᠴᠦᠨ ᠴᠢᠳᠠᠯ ᠣᠯᠭᠤᠬᠤ ᠬᠡᠷᠡᠭᠲᠡᠢ᠃ ᠴᠢᠳᠠᠯ ᠤᠨ ᠢᠶᠠᠨ ᠬᠢᠷᠢ ᠪᠠᠷ ᠬᠢᠬᠦ᠂ ᠪᠦᠬᠦ ᠬᠦᠴᠦᠨ ᠢᠶᠠᠷ ᠢᠶᠠᠨ ᠴᠢᠷᠮᠠᠶᠢᠨ ᠬᠢᠬᠦ ᠶᠢ ᠪᠠᠷᠢᠮᠲᠠᠯᠠᠵᠤ᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ    ᠬᠠᠩᠭᠠᠬᠤ᠂ ᠬᠤᠳᠠ ᠶᠢᠨ ᠲᠣᠭᠤᠷᠢᠭ ᠤᠨ ᠦᠢᠯᠡᠳᠦᠯ ᠴᠢᠳᠠᠮᠵᠢ ᠶᠢ ᠲᠡᠭᠦᠯᠳᠡᠷᠵᠢᠭᠦᠯᠬᠦ᠂ ᠬᠦᠷᠢᠶᠡᠯᠡᠩ ᠲᠣᠭᠤᠷᠢᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠦᠷᠦᠯ ᠵᠦᠢᠯ ᠤᠨ ᠪᠣᠯᠤᠮᠵᠢᠲᠤ ᠴᠢᠨᠠᠷ᠂ ᠵᠠᠶᠢᠯᠠᠰᠢ ᠦᠭᠡᠢ ᠴᠢᠨᠠᠷ᠂ ᠲᠤᠯᠭᠠᠮ ᠴᠢᠨᠠᠷ ᠢ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠦᠷᠦᠯ ᠵᠦᠢᠯ ᠤᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠪᠠᠯᠠ ᠣᠷᠣᠭᠤᠯᠬᠤ ᠲᠥᠷᠥᠯ ᠵᠦᠶᠯ ᠢ ᠵᠢᠷᠤᠮᠵᠢᠭᠤᠯᠤᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢᠨ ᠢᠷᠡᠯᠲᠡ ᠶᠢ ᠤᠯᠠᠮ ᠴᠢᠨᠠᠭᠰᠢᠳᠠ ᠰᠠᠶᠢᠲᠤᠷ ᠲᠥᠰᠦᠭᠡᠯᠡᠨ ᠪᠤᠳᠤᠵᠤ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠣᠭᠤᠰ ᠢᠶᠠᠨ ᠦᠨᠡᠨ ᠬᠦ ᠬᠡᠷᠡᠭᠴᠡᠭᠡ ᠲᠠᠢ ᠵᠠᠩᠭᠢᠯᠠᠭ᠎ᠠ ᠶᠢᠨ ᠭᠠᠵᠠᠷ ᠲᠤ ᠵᠠᠷᠤᠬᠤ ᠬᠡᠷᠡᠭᠲᠡᠶ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠴᠢᠰᠤ ᠪᠦᠲᠦᠭᠡᠬᠦ ᠴᠢᠳᠡᠪᠦᠷᠢ ᠶᠢ ᠨᠢ ᠳᠡᠭᠡᠭᠰᠢᠯᠡᠭᠦᠯᠵᠦ᠂ ᠨᠡᠩ ᠶᠡᠭᠡ ᠦᠢᠯᠡᠳᠦᠯ ᠢ ᠪᠠᠳᠠᠷᠠᠭᠤᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠴᠠᠭᠤᠯᠵᠤ ᠬᠠᠮᠵᠢᠯᠴᠠᠬᠤ ᠪᠠᠨ ᠴᠢᠩᠭᠠᠳᠬᠠᠵᠤ᠂ ᠲᠥᠷᠥᠯ ᠵᠦᠶᠯ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠪᠣᠯᠤᠨ ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠬᠦ              ᠠᠵᠢᠯ ᠢ ᠲᠦᠷᠭᠡᠳᠬᠡᠨ ᠠᠬᠢᠭᠤᠯᠵᠤ᠂ ᠢᠷᠡᠬᠦ ᠵᠢᠯ ᠤᠨ ︽ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠬᠦ︾  ᠶᠢ ᠦᠨᠡᠨ ᠬᠦ ᠪᠠᠲᠤᠯᠠᠬᠤ ᠬᠡᠷᠡᠭᠲᠡᠶ ᠬᠡᠵᠡᠢ  ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ    ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号