ᠪᠠᠭᠠᠴᠤᠤᠯ ᠵᠠᠮ ᠵᠡᠭᠡᠯᠢ ᠭᠤᠳᠤᠮᠵᠢ ᠶᠢᠨ ᠵᠢᠵᠢᠭ ᠥᠭᠡᠷᠡᠴᠢᠯᠡᠯᠲᠡ ᠨᠢ ᠰᠠᠭᠤᠭᠠᠯᠢ ᠠᠷᠠᠳ ᠤᠨ ᠲᠤᠮᠤ ᠵᠣᠯ ᠵᠢᠷᠭᠠᠯ ᠢ ᠪᠠᠲᠤᠯᠠᠪᠠ
ᠨᠡᠶᠢᠲᠡᠯᠡᠭᠰᠡᠨ ᠴᠠᠭ᠄
2023/12/24
     ᠨᠢᠭᠡ ᠳᠤ᠂ ᠣᠷᠴᠢᠨ ᠲᠤᠭᠤᠷᠢᠨ ᠢ ᠥᠭᠡᠷᠡᠴᠢᠯᠠᠪᠠ᠃ ᠣᠳᠣᠬᠠᠨ ᠪᠣᠯᠲᠠᠯ᠎ᠠ᠂ ᠬᠠᠷᠢᠶ᠎ᠠ ᠣᠷᠣᠨ ᠤ ᠵᠡᠭᠡᠯᠢ ᠭᠤᠳᠤᠮᠵᠢ ᠶᠢᠨ ᠵᠠᠮ ᠢ ᠬᠠᠲᠠᠭᠤᠷᠠᠭᠤᠯᠬᠤ ᠭᠠᠵᠠᠷ ᠲᠠᠬᠢ 10 ᠪᠠᠷᠢᠯᠭ᠎ᠠ ᠶᠢ ᠳᠠᠭᠤᠰᠬᠠᠵᠤ᠂ ᠬᠠᠦᠯᠢ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ 27 ᠭᠠᠵᠠᠷ ᠲᠠᠬᠢ 280 ᠲᠡᠭᠰᠢ ᠳᠥᠷᠪᠡᠯᠵᠢᠨ ᠮᠧᠲᠷ    ᠪᠠᠷᠢᠯᠭ᠎ᠠ ᠶᠢ ᠨᠤᠷᠠᠭᠠᠪᠠ᠃ ᠬᠤᠶᠠᠷ ᠲᠤ᠂ ᠲᠤᠨᠤᠭ ᠲᠥᠬᠦᠭᠡᠷᠦᠮᠵᠢ ᠶᠢ ᠲᠡᠭᠦᠯᠳᠡᠷᠵᠢᠭᠦᠯᠪᠡ᠃ ᠰᠠᠭᠤᠭᠠᠯᠢ ᠠᠷᠠᠳ ᠤᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ 120 ᠱᠣᠩ ᠢ ᠤᠭᠰᠠᠷᠠᠵᠤ᠂ 1000 ᠭᠠᠷᠤᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠪᠠ᠃ ᠭᠤᠷᠪᠠ ᠳᠤ᠂ ᠦᠢᠯᠡᠴᠢᠯᠡᠭᠡ ᠪᠠᠨ ᠨᠡᠮᠡᠭᠳᠡᠭᠦᠯᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠥᠷᠲᠡᠭᠡ 1᠂ ᠨᠠᠰᠤᠲᠠᠶᠢᠴᠤᠳ ᠤᠨ ᠬᠤᠭᠤᠯᠠᠨ ᠲᠢᠩᠬᠢᠮ 1᠎ ᠶᠢ ᠪᠠᠶᠢᠭᠤᠯᠵᠤ᠂ ᠨᠠᠰᠤᠲᠠᠶᠢᠴᠤᠳ ᠤᠨ ᠬᠤᠭᠤᠯᠨ ᠢᠳᠡᠬᠦ ᠰᠠᠷ᠎ᠠ ᠶᠢᠨ ᠺᠠᠷᠲ᠂ ᠥᠪᠡᠷᠮᠢᠴᠡ ᠤᠨᠴᠠᠯᠢᠭ ᠲᠠᠢ ᠬᠤᠭᠤᠯᠠ ᠢᠳᠡᠬᠦ᠂ ᠬᠤᠭᠤᠯᠠ ᠬᠦᠷᠭᠡᠬᠦ ᠵᠡᠷᠭᠡ ᠦᠢᠯᠡᠴᠢᠯᠡᠭᠡ ᠶᠢ ᠬᠠᠩᠭᠠᠪᠠ᠃ ᠣᠳᠣᠬᠠᠨ ᠪᠣᠯᠲᠠᠯ᠎ᠠ᠂ 200 ᠭᠠᠷᠤᠶ ᠨᠠᠰᠤᠲᠠᠨ ᠳᠤ ᠬᠡᠷ ᠲᠤᠨᠢ ᠬᠦᠷᠴᠦ ᠴᠡᠪᠡᠷᠯᠡᠭᠡ ᠬᠢᠵᠦ ᠦᠭᠬᠦ᠂ ᠬᠡᠷ ᠤᠨ ᠴᠠᠬᠢᠯᠭᠠᠨ ᠬᠡᠷᠡᠭᠰᠡᠯ ᠰᠡᠯᠪᠢᠨ ᠵᠠᠰᠠᠬᠤ᠂ ᠰᠤᠪᠢᠯᠠᠭᠴᠢ ᠪᠠᠷ᠎ᠠ ᠪᠣᠯᠬᠤ ᠵᠡᠷᠭᠡ ᠦᠢᠯᠡᠴᠢᠯᠡᠭᠡ ᠬᠠᠩᠭᠠᠪᠠ᠃   ︵ ᠪᠠᠭᠠᠴᠤᠤᠯ ᠵᠠᠮ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号