JN.1 ᠬᠤᠪᠢᠯᠪᠤᠷᠢ ᠸᠢᠷᠦ᠋ᠰ ᠣᠯᠠᠨ ᠤᠯᠤᠰ ᠲᠤ ᠲᠦᠷᠭᠡᠨ ᠨᠡᠮᠡᠭᠳᠡᠵᠦ ᠪᠠᠶᠢᠨ᠎ᠠ︕ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠬᠢᠨ ᠰᠤᠳᠤᠯᠤᠨ ᠮᠠᠭᠠᠳᠯᠠᠪᠠ
ᠨᠡᠶᠢᠲᠡᠯᠡᠭᠰᠡᠨ ᠴᠠᠭ᠄
2023/12/25
     ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ 11 ᠰᠠᠷ᠎ᠠ ᠳᠤ ᠲᠤᠬᠠᠶ ᠶᠢᠨ ᠭᠠᠵᠠᠷ ᠤᠨ JN.1 ᠬᠤᠪᠢᠯᠪᠤᠷᠢ ᠸᠢᠷᠦ᠋ᠰ ᠢ ᠠᠩᠬ᠎ᠠ ᠤᠳᠠᠭ᠎ᠠ ᠢᠯᠡᠷᠡᠭᠦᠯᠦᠭᠰᠡᠨ ᠠᠴᠠ ᠨᠠᠰᠢ᠂ 12ᠰᠠᠷ᠎ᠠ ᠶᠢᠨ 10 ᠤ ᠡᠳᠦᠷ ᠪᠣᠯᠲᠠᠯ᠎ᠠ᠂ ᠮᠠᠨ ᠤ ᠤᠯᠤᠰ ᠤᠨ ᠲᠤᠬᠠᠶ ᠶᠢᠨ ᠭᠠᠵᠠᠷ ᠤᠨ  JN.1 ᠬᠤᠪᠢᠯᠪᠤᠷᠢ ᠸᠢᠷᠦ᠋ᠰ ᠲᠤ ᠨᠡᠷᠪᠡᠭᠳᠡᠭᠰᠡᠨ ᠡᠪᠡᠳᠴᠢᠳᠡᠨ ᠢ ᠨᠡᠶᠢᠲᠡ 7 ᠶᠢ ᠰᠢᠯᠭᠠᠨ ᠪᠠᠶᠢᠴᠠᠭᠠᠵᠤ ᠤᠯᠪᠠ᠃ ᠬᠡᠳᠦ᠋ᠢᠪᠡᠷ ᠣᠳᠣᠬᠠᠨ ᠳᠤ JN.1ᠬᠤᠪᠢᠯᠪᠤᠷᠢ ᠸᠢᠷᠦ᠋ᠰ ᠨᠢ ᠮᠠᠨ ᠤ ᠤᠯᠤᠰ ᠲᠤ ᠳᠡᠯᠭᠡᠷᠡᠵᠦ ᠪᠠᠶᠢᠭ᠎ᠠ    ᠲᠦᠪᠰᠢᠨ ᠢᠶᠠᠷ ᠲᠦᠢᠯ ᠤᠨ ᠳᠤᠤᠷ᠎ᠠ  ᠪᠠᠶᠢᠭ᠎ᠠ ᠪᠣᠯᠪᠠᠴᠤ᠂ ᠲᠠᠷᠠᠭ᠎ᠠ ᠪᠠᠷ ᠣᠯᠠᠨ ᠤᠯᠤᠰ ᠲᠤ ᠳᠡᠯᠭᠡᠷᠡᠵᠦ ᠪᠠᠶᠢᠭ᠎ᠠ ᠬᠤᠪᠢᠯᠪᠤᠷᠢ ᠸᠢᠷᠦ᠋ᠰ ᠪᠣᠯᠤᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠳᠡᠨ ᠤ ᠨᠥᠯᠥᠭᠡ ᠶᠢ ᠬᠦᠷᠳᠡᠭᠦ ᠠᠴᠠ ᠪᠤᠯᠵᠤ᠂ JN.1 ᠬᠤᠪᠢᠯᠪᠤᠷᠢ ᠸᠢᠷᠦ᠋ᠰ ᠨᠢ ᠤᠯᠤᠰ ᠤᠨ ᠳᠣᠲᠣᠭᠠᠳᠤ ᠲᠤ ᠳᠡᠯᠭᠡᠷᠡᠵᠦ ᠮᠡᠳᠡᠬᠦ ᠶᠢ       ᠦᠭᠡᠶᠢᠰᠬᠡᠬᠦ ᠶᠢᠨ ᠠᠷᠭ᠎ᠠ ᠥᠬᠡᠶ ᠶᠤᠮ᠃ ᠮᠠᠨ ᠤ ᠤᠯᠤᠰ ᠤᠨ ᠣᠳᠣᠬᠢ ᠱᠠᠲᠤᠨ ᠳᠠᠬᠢ ᠭᠤᠤᠯ ᠪᠣᠯᠬᠤ ᠸᠢᠷᠦ᠋ᠰ ᠨᠢ ᠮᠥᠨ ᠯᠡ EG 5 ᠵᠢᠴᠢ ᠳᠡᠳ᠋ ᠰᠠᠯᠪᠤᠷᠢ ᠸᠢᠷᠦ᠋ᠰ ᠪᠣᠯᠤᠨ᠎ᠠ᠃              JN.1 ᠬᠤᠪᠢᠯᠪᠤᠷᠢ ᠸᠢᠷᠦ᠋ᠰ ᠪᠣᠯ ᠰᠢᠨ᠎ᠡ ᠲᠢᠲᠢᠮᠯᠢᠭ ᠸᠢᠷᠦ᠋ᠰ ᠤᠨ ᠤᠮᠢᠺᠷᠤᠨ BA.2.86 ᠬᠤᠪᠢᠯᠪᠤᠷᠢ ᠸᠢᠷᠦ᠋ᠰ ᠤᠨ ᠬᠤᠶᠠᠳᠤᠭᠠᠷ ᠦᠶ᠎ᠡ ᠶᠢᠨ ᠳᠡᠳ᠋ ᠰᠠᠯᠪᠤᠷᠢ ᠸᠢᠷᠦ᠋ᠰ ᠪᠤᠯᠬᠤ ᠪᠦᠭᠡᠳ ᠮᠥᠨ ᠴᠦ     BA 2.86 ᠬᠤᠪᠢᠯᠪᠤᠷᠢ ᠸᠢᠷᠦ᠋ᠰ ᠤᠨ ᠳᠣᠲᠣᠷᠠᠬᠢ ᠨᠡᠯᠢᠶᠡᠳ ᠴᠢᠩᠭ᠎ᠠ ᠲᠡᠯᠭᠡᠷᠡᠨ ᠲᠠᠷᠬᠠᠬᠤ ᠴᠢᠳᠠᠯ ᠲᠠᠢ ᠳᠡᠳ᠋ ᠰᠠᠯᠪᠤᠷᠢ  ᠸᠢᠷᠦ᠋ᠰ ᠪᠣᠯᠤᠨ᠎ᠠ᠃ ᠲᠣᠰ ᠬᠤᠪᠢᠯᠪᠤᠷᠢ ᠸᠢᠷᠦ᠋ᠰ ᠢ ᠡᠨᠡ ᠵᠢᠯ ᠤᠨ 8 ᠰᠠᠷ᠎ᠠ ᠶᠢᠨ 25 ᠤ ᠡᠳᠦᠷ ᠯᠦᠺᠰᠧᠮᠪᠦ᠋ᠷᠡᠭ ᠠᠴᠠ ᠴᠤᠭᠯᠠᠭᠤᠯᠤᠭᠰᠠᠨ ᠥᠯᠢᠭᠡᠷ ᠬᠡᠪ ᠠᠴᠠ ᠠᠩᠬ᠎ᠠ ᠤᠳᠠᠭ᠎ᠠ ᠰᠢᠯᠭᠠᠨ ᠪᠠᠶᠢᠴᠠᠭᠠᠵᠤ ᠭᠠᠷᠭᠠᠬᠰᠠᠨ ᠶᠤᠮ᠃ 11 ᠰᠠᠷ᠎ᠠ ᠠᠴᠠ ᠨᠠᠭᠠᠰᠢ᠂ JN.1 ᠶᠢᠨ ᠪᠥᠬᠦ ᠪᠥᠮᠪᠥᠷᠴᠡᠭ ᠲᠠᠶᠠᠭᠠᠷ ᠳᠡᠯᠭᠡᠷᠡᠭᠰᠡᠨ ᠬᠤᠤᠷᠲᠤ ᠸᠢᠷᠦ᠋ᠰ ᠤᠨ ᠲᠤᠳᠤᠷᠠᠬᠢ ᠡᠵᠡᠯᠡᠬᠦ ᠬᠠᠷᠢᠴᠠᠯ ᠨᠢ ᠨᠡᠯᠢᠶᠡᠳ ᠲᠦᠷᠭᠡᠨ ᠨᠡᠮᠡᠭᠳᠡᠭᠰᠡᠨ ᠠᠴᠠ ᠪᠣᠯᠵᠣ᠂ ᠳᠡᠯᠡᠬᠡᠶ ᠶᠢᠨ ᠡᠷᠡᠭᠦᠯ  ᠬᠠᠮᠠᠭᠠᠯᠠᠯ ᠤᠨ ᠵᠣᠬᠢᠶᠠᠨ ᠪᠠᠶᠢᠭᠤᠯᠤᠯᠲᠠ 11ᠰᠠᠷ᠎ᠠ ᠶᠢᠨ  21 ᠤ ᠡᠳᠦᠷ BA.2.86 ᠬᠤᠪᠢᠯᠪᠤᠷᠢ ᠸᠢᠷᠦ᠋ᠰ ᠢ ︽ᠰᠢᠯᠭᠠᠨ ᠪᠠᠶᠢᠴᠠᠭᠠᠬᠤ ᠴᠢᠬᠤᠯᠠᠲᠠᠶ ᠬᠤᠪᠢᠯᠪᠤᠷᠢ ᠸᠢᠷᠦ᠋ᠰ︾ ︵VUM︶ ᠠᠴᠠ ᠨᠢ ︽ᠠᠩᠬᠠᠷᠬᠤ ᠴᠢᠬᠤᠯᠠᠲᠠᠶ ᠬᠤᠪᠢᠯᠪᠤᠷᠢ ᠸᠢᠷᠦ᠋ᠰ︾ ︵VOI︶ ᠪᠣᠯᠭᠠᠨ ᠲᠠᠰ‌‍ᠲ᠋ᠡᠪᠰᠢᠭᠦᠯᠪᠡ᠃             ᠮᠠᠨ ᠤ ᠤᠯᠤᠰ ᠤᠨ ᠰᠢᠯᠭᠠᠨ ᠪᠠᠶᠢᠴᠠᠭᠠᠬᠰᠠᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ JN.1 ᠬᠤᠪᠢᠯᠪᠤᠷᠢ ᠸᠢᠷᠦ᠋ᠰ ᠲᠤ ᠬᠠᠯᠳᠠᠪᠤᠷᠢᠯᠠᠭᠳᠠᠬᠰᠠᠳ ᠪᠣᠯ ᠴᠥᠮ ᠬᠥᠩᠭᠡᠨ ᠬᠡᠯᠪᠡᠷᠢ ᠶᠢᠨ ᠪᠤᠶᠤ ᠡᠪᠡᠳᠴᠢᠨ ᠤ ᠢᠯᠡᠷᠡᠯ ᠥᠬᠡᠶ ᠬᠥᠮᠦᠰ ᠪᠣᠯᠤᠨ᠎ᠠ᠃ ᠠᠳᠠᠯᠢ ᠪᠤᠰᠤ ᠬᠤᠪᠢᠯᠪᠤᠷᠢ ᠸᠢᠷᠦ᠋ᠰ ᠤᠨ ᠡᠭᠦᠰᠦᠭᠰᠡᠨ ᠡᠪᠡᠳᠴᠢᠨ ᠤ ᠢᠯᠡᠷᠡᠯ ᠰᠢᠨᠵᠢ ᠨᠢ ᠠᠳᠠᠯᠢᠪᠲᠤᠷ ᠪᠠᠶᠢᠵᠤ᠂ ᠡᠪᠡᠳᠴᠢᠨ ᠤ ᠢᠯᠡᠷᠡᠯ ᠰᠢᠨᠵᠢ ᠶᠢᠨ ᠲᠥᠷᠥᠯ ᠵᠦᠢᠯ ᠪᠠ ᠬᠦᠨᠳᠦ ᠶᠢᠨ ᠬᠡᠮᠵᠢᠶ᠎ᠡ ᠨᠢ ᠶᠡᠷᠦ ᠳᠡᠭᠡᠨ ᠪᠣᠳᠠᠭᠠᠯᠢ ᠪᠡᠶ᠎ᠡ ᠶᠢᠨ ᠲᠠᠷᠬᠠᠯᠠᠭ᠎ᠠ ᠶᠢᠨ ᠴᠢᠳᠠᠪᠤᠷᠢ ᠪᠠᠷ ᠲᠣᠭᠳᠠᠭᠠᠭᠳᠠᠳᠠᠭ᠃ ᠣᠲᠣ ᠶᠢᠨ ᠪᠠᠶᠢᠭ᠎ᠠ ᠭᠡᠷᠡᠴᠢ ᠪᠠᠷᠢᠮᠲᠠ ᠠᠴᠠ ᠦᠵᠡᠪᠡᠯ᠂ JN.1ᠬᠤᠪᠢᠯᠪᠤᠷᠢ ᠸᠢᠷᠦ᠋ᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠦᠭᠰᠢᠭᠦᠷᠢ ᠨᠡᠯᠢᠶᠡᠳ ᠳᠤᠤᠷ᠎ᠠ ᠪᠠᠶᠢᠨ᠎ᠠ᠃              JN.1 ᠬᠤᠪᠢᠯᠪᠤᠷᠢ ᠸᠢᠷᠦ᠋ᠰ ᠢ ᠰᠡᠷᠭᠡᠶᠢᠯᠡᠨ ᠬᠤᠷᠢᠬᠯᠠᠬᠤ ᠲᠠᠯ᠎ᠠ ᠪᠠᠷ᠂ ᠪᠤᠰᠤᠳ ᠤᠮᠢᠺᠷᠤᠨ ᠸᠢᠷᠦ᠋ᠰ ᠤᠨ ᠬᠤᠪᠢᠯᠪᠤᠷᠢ ᠶᠢᠨ ᠬᠠᠯᠳᠠᠪᠤᠷᠢᠯᠠᠯ ᠢ ᠰᠡᠷᠭᠡᠶᠢᠯᠡᠬᠦ ᠲᠠᠢ ᠠᠳᠠᠯᠢ ᠪᠠᠷ᠂ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢᠶᠠᠨ ᠦᠷᠭᠦᠯᠵᠢᠯᠡᠨ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠴᠠᠭ ᠲᠤᠬᠠᠶ ᠳᠤᠨᠢ ᠸᠠᠺᠼᠢᠨ ᠳᠠᠷᠢᠵᠤ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ ᠶᠢ ᠪᠠᠷᠢᠮᠲᠠᠯᠠᠵᠤ᠂ ᠡᠷᠡᠭᠦᠯ ᠢᠳᠡᠭᠡᠨ ᠤᠮᠳᠠᠭᠠᠨ ᠢᠳᠡᠵᠦ᠂  ᠪᠡᠶ᠎ᠡ ᠮᠠᠬᠠᠪᠣᠳ ᠤᠨ ᠲᠠᠷᠬᠠᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠣᠯᠠᠨ ᠨᠡᠶᠢᠲᠡ ᠳᠤ ᠰᠠᠨᠠᠭᠤᠯᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号