ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/25
     12 ᠰᠠᠷ᠎ᠠ ᠶᠢᠨ 22 ᠤᠨ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠦ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ ᠵᠢᠴᠢ ᠭᠡᠰᠢᠭᠦᠳ ᠬᠤᠷᠠᠯ ᠳᠤ ᠣᠷᠣᠯᠴᠠᠵᠠᠢ᠃ ᠵᠧᠤ ᠮᠢᠨ ᠵᠢᠶᠧ᠂ ᠬᠤ᠋ ᠰᠢᠶᠠ ᠲᠣᠰ ᠲᠣᠰ ᠠᠩᠬᠠᠳᠤᠭᠠᠷ ᠪᠠ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠭᠢᠯᠡᠪᠡ᠃
     ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢ ᠵᠥᠩ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠲᠣᠭᠤᠷᠢᠭ ᠤᠨ ᠡᠳ᠋ ᠤᠨ ᠵᠠᠰᠠᠭ ᠤᠨ    ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ᠂ ᠲᠣᠭᠤᠷᠢᠭ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠪᠦᠷᠢᠯᠳᠦᠬᠦᠨ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ︽ᠠᠷᠠᠳ ᠤᠨ ᠲᠥᠯᠥᠭᠡᠯᠡᠭᠴᠢ ᠶᠢᠨ ᠬᠡᠷ︾ ᠤᠨ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠡᠲᠡᠭᠡᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠭ᠎ᠠ ᠶᠢᠨ ᠳᠤᠭᠤᠶᠢᠯᠠᠩ ᠤᠨ ᠬᠠᠷᠢᠭᠤᠴᠠᠯᠭᠠᠲᠠᠨ ᠵᠢᠴᠢ ᠲᠣᠭᠤᠷᠢᠭ ᠤᠨ 5 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠥᠨᠳᠡᠯᠡᠨ ᠲᠣᠭᠤᠷᠢᠭ ᠤᠨ 2023 ᠣᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ ᠡᠬᠡ ᠨᠤᠤᠷᠠᠭ︶ ᠤᠨ ᠲᠤᠬᠠᠶ ᠮᠡᠳᠡᠭᠦᠯᠦᠯᠲᠡ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠬᠥᠨᠳᠡᠯᠡᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠳᠤᠮᠳᠠ ᠬᠤᠭᠤᠴᠠᠭᠠᠨ ᠤ ᠦᠨᠡᠯᠡᠯᠲᠡ ᠶᠢᠨ ᠮᠡᠳᠡᠭᠦᠯᠦᠯᠲᠡ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠬᠥᠨᠳᠡᠯᠡᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢᠨ ᠲᠣᠬᠢᠷᠠᠭᠤᠯᠤᠯᠲᠠ ᠶᠢᠨ ᠲᠥᠰᠦᠯ ︵ᠡᠬᠡ ᠨᠤᠤᠷᠠᠭ︶ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ ᠬᠤᠷᠠᠯ ᠠᠴᠠ ︽ᠬᠥᠨᠳᠡᠯᠡᠨ ᠲᠣᠭᠤᠷᠢᠭ ᠤᠨ 2023 ᠣᠨ ᠤ ᠲᠥᠰᠦᠪ ᠤᠨ ᠲᠤᠬᠢᠷᠠᠭᠤᠯᠤᠯᠳᠠ ᠶᠢᠨ ᠲᠥᠰᠦᠯ ᠢ ᠵᠥᠪᠰᠢᠶᠡᠷᠡᠬᠦ ᠲᠤᠬᠠᠢ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ ︵ᠡᠬᠡ ᠨᠤᠤᠷᠠᠭ︶︾ ᠪᠣᠯᠤᠨ ︽ᠬᠥᠨᠳᠡᠯᠡᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠳᠤ ᠲᠤᠬᠢᠷᠠᠭᠤᠯᠤᠯᠳᠠ ᠬᠢᠬᠦ ᠲᠥᠰᠦᠯ ᠢ ᠵᠥᠪᠰᠢᠶᠡᠷᠡᠬᠦ ᠲᠤᠬᠠᠢ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ ︵ᠡᠬᠡ       ᠨᠤᠤᠷᠠᠭ︶︾ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠴᠢᠬᠤᠯᠠ ᠶᠡᠭᠡ ᠶᠠᠪᠤᠳᠠᠯ ᠢ ᠶᠠᠷᠢᠯᠴᠠᠨ ᠲᠣᠭᠲᠠᠭᠠᠬᠤ ᠲᠣᠭᠲᠠᠭᠠᠯ ︵ᠡᠬᠡ ᠨᠤᠤᠷᠠᠭ︶︾᠂ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠢᠨᠠᠨ ᠰᠢᠯᠭᠠᠬᠤ ᠲᠤᠬᠠᠢ ᠠᠷᠭ᠎ᠠ ︵ ᠡᠬᠡ ᠨᠤᠤᠷᠠᠭ︶  ︾  ᠵᠡᠷᠭᠡ 7 ᠵᠦᠢᠯ ᠤᠨ ᠠᠵᠢᠯ ᠤᠨ ᠳᠦᠷᠢᠮ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ    ᠪᠠᠶᠢᠩᠭᠤ ᠶᠢᠨ ᠬᠤᠷᠢᠶ᠎ᠠ ᠶᠢᠨ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ᠳᠤᠬᠢᠷᠠᠭᠤᠯᠤᠯᠳᠠ ᠬᠢᠬᠦ ᠲᠤᠬᠠᠢ ᠨᠡᠷᠡᠰ ︵ᠡᠬᠡ ᠨᠤᠤᠷᠠᠭ︶ ᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ 2 ᠲᠥᠯᠥᠭᠡᠯᠡᠭᠴᠢ ᠶᠢᠨ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠤᠪᠠ᠃ ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠤᠯᠪᠣᠭᠳᠠᠯ ᠪᠥᠬᠦᠶ ᠵᠦᠢᠯᠡᠰ ᠢ ᠪᠠᠲᠤᠯᠠᠵᠤ᠂ ᠵᠧᠤ ᠮᠢᠨ ᠵᠢᠶᠧ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠢᠨ ᠬᠠᠮᠲᠤ ᠣᠪᠣᠷ ᠢᠶᠠᠨ ᠢᠯᠡᠳᠬᠡᠬᠦ ᠦᠭᠡ ᠬᠡᠯᠡᠪᠡ᠃  ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号