ᠲᠤᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ  ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/26
     12 ᠰᠠᠷ᠎ᠠ ᠶᠢᠨ 22 ᠤᠨ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ ᠡᠮᠦᠨ᠎ᠡ᠂ ᠲᠤᠭᠤᠷᠢᠭ ᠤᠨ ᠤᠳᠤᠷᠢᠳᠤᠯᠭ᠎ᠠ ᠰᠡᠳᠦᠪ ᠰᠤᠩᠭᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠡᠷᠢᠵᠦ᠂ ᠠᠷᠭ᠎ᠠ ᠪᠣᠳᠣᠯᠭ᠎ᠠ ᠶᠢ ᠪᠣᠳᠣᠯᠬᠢᠯᠠᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠢᠴᠢᠪᠡ᠃ ᠬᠤᠷᠠᠯ ᠳᠡᠭᠡᠷ᠎ᠡ᠂ ᠲᠤᠭᠤᠷᠢᠭ ᠤᠨ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠪᠠ᠃       ᠶᠢᠨ ᠶᠦᠩ ᠯᠢ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠪᠦᠬᠦ ᠲᠤᠭᠤᠷᠢᠭ ᠤᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠠ ᠬᠦᠴᠢᠷ ᠠᠰᠠᠭᠤᠳᠠᠯ ᠳᠤ ᠴᠢᠭᠯᠡᠭᠦᠯᠦᠨ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ︾ ᠪᠠᠷ ᠠᠰᠠᠭᠤᠳᠠᠯ ᠢ ᠰᠢᠢᠳᠪᠦᠷᠢᠯᠡᠵᠦ᠂ ᠰᠢᠢᠳᠪᠦᠷᠢᠯᠡᠬᠦ ᠠᠷᠭ᠎ᠠ ᠶᠢ ᠡᠷᠢᠯᠬᠢᠯᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠨ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠠᠬᠢᠭᠤᠯᠵᠤ᠂ ︽ᠲᠦᠷᠪᠡ ᠶᠢ ᠦᠨᠳᠦᠰᠦᠨ ᠱᠠᠲᠤᠨ ᠳᠤ  ᠪᠠᠭᠤᠵᠤ ᠪᠡᠶᠡᠯᠡᠬᠦᠯᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ︽ᠮᠢᠨᠦ ᠬᠢᠭᠰᠡᠨ ᠪᠠᠶᠢᠴᠠᠭᠠᠨ ᠰᠤᠳᠤᠯᠤᠯᠲᠠ ᠶᠢ ᠪᠢ ᠠᠬᠢᠭᠤᠯᠵᠤ᠂ ᠮᠢᠨᠦ ᠦᠷ᠎ᠡ ᠪᠦᠲᠦᠭᠡᠯ ᠢ ᠪᠢ ᠬᠠᠷᠠᠵᠤ ᠭᠦᠢᠴᠡᠳᠬᠡᠬᠦ︾᠂ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ᠂ ᠣᠶᠢᠯᠠᠭᠠᠭᠳᠠᠬᠤᠨ ᠰᠡᠳᠬᠢᠮᠵᠢ ᠳᠡᠬᠡᠷ᠎ᠡ ᠠᠴᠠ᠂ ᠠᠵᠢᠯ ᠤᠨ ᠲᠣᠭᠲᠠᠴᠠ ᠳᠡᠭᠡᠷ᠎ᠡ ᠠᠴᠠ᠂ ᠠᠷᠭ᠎ᠠ ᠬᠡᠯᠪᠡᠷᠢ ᠶᠢᠨ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠦᠨᠡᠨᠬᠦ ᠲᠤᠰᠠᠲᠠᠢ ᠠᠷᠭ᠎ᠠ ᠬᠡᠮᠵᠢᠶ᠎ᠡ ᠠᠷᠭ᠎ᠠ ᠠᠪᠴᠠᠯ ᠳᠤᠷᠠᠳᠬᠤ ᠶᠢ ᠴᠢᠬᠤᠯᠠᠴᠢᠯᠠᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠰᠤᠷᠪᠤᠯᠵᠢᠯᠠᠬᠤ ᠪᠠ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ︽ᠪᠠᠭ᠎ᠠ ᠶᠠᠪᠤᠳᠠᠯ︾ ᠳᠤ ᠰᠠᠭᠤᠷᠢᠯᠠᠨ ︽ᠶᠡᠭᠡ ᠠᠰᠠᠭᠤᠳᠠᠯ︾ ᠢ ᠰᠢᠢᠳᠪᠦᠷᠢᠯᠡᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠤᠳᠤᠷᠢᠳᠬᠤ ᠺᠠᠳ᠋ᠷ ᠤᠨ ᠪᠠᠶᠢᠩᠭᠤᠵᠢᠬᠰᠠᠠ ᠪᠠᠶᠢᠴᠠᠭᠠᠨ ᠰᠤᠳᠤᠯᠤᠯᠲᠠ᠂ ᠤᠷᠢᠳ ᠢᠶᠠᠷ ᠪᠠᠶᠢᠴᠠᠭᠠᠨ ᠰᠤᠳᠤᠯᠤᠯᠲᠠ ᠬᠢᠵᠦ ᠲᠠᠬᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠬᠤ ᠪᠠᠶᠢᠩᠭᠤᠵᠢᠬᠰᠠᠠ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠤ᠂ ᠪᠠᠶᠢᠴᠠᠭᠠᠨ ᠰᠤᠳᠤᠯᠤᠯᠲᠠ ᠶᠢᠨ ᠠᠷᠭ᠎ᠠ ᠬᠡᠯᠪᠡᠷᠢ ᠪᠠᠨ ᠦᠷᠭᠦᠯᠵᠢᠯᠡᠨ ᠰᠠᠶᠢᠵᠢᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠨᠠᠷᠢᠯᠢᠭ ᠵᠠᠳᠠᠯᠬᠤ ᠶᠢ ᠢᠳᠡᠪᠬᠢᠲᠡᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠪᠠᠶᠢᠳᠠᠯ ᠢ ᠤᠯᠠᠮ ᠴᠢᠨᠠᠭᠰᠢᠳᠠ ᠲᠣᠳᠣᠷᠬᠠᠢ ᠣᠶᠢᠯᠠᠭᠠᠵᠤ᠂ ᠠᠰᠠᠭᠤᠳᠠᠯ ᠢ ᠨᠡᠩ ᠣᠨᠣᠪᠴᠢᠲᠠᠢ ᠡᠷᠢᠵᠦ᠂ ᠠᠷᠭ᠎ᠠ ᠪᠤᠳᠤᠯᠭ᠎ᠠ ᠶᠢ ᠨᠡᠩ ᠪᠣᠳᠠᠲᠠᠢ ᠳᠤᠷᠠᠳᠴᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠮᠵᠢ ᠶᠢ ᠬᠥᠭᠵᠢᠯᠲᠡ ᠶᠢ ᠠᠬᠢᠭᠤᠯᠤᠭᠰᠠᠨ ᠪᠣᠳᠠᠲᠤ ᠠᠮᠵᠢᠯᠲᠠ ᠪᠦᠳᠦᠮᠵᠢ ᠳᠡᠭᠡᠷ᠎ᠡ ᠢᠯᠡᠷᠡᠭᠦᠯᠵᠦ᠂ ᠠᠷᠠᠳ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠤ ᠪᠤᠳᠠᠳᠤ ᠶᠠᠪᠤᠳᠠᠯ ᠬᠢᠵᠦ ᠦᠭᠬᠦ ᠳᠡᠭᠡᠷ᠎ᠡ ᠢᠯᠡᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃      ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠬᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠰᠤᠷᠭᠠᠨ ᠬᠥᠮᠦᠵᠢᠯ ᠤᠨ ᠰᠢᠰᠲ᠋ᠧᠮ ᠤᠨ ᠰᠢᠶᠠᠨ ᠤ ᠱᠠᠲᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号