ᠨᠥᠬᠦᠷᠯᠡᠯ ᠵᠠᠮ ᠵᠡᠭᠡᠯᠢ ᠭᠤᠳᠤᠮᠵᠢ ︽ᠨᠢᠭᠡ ᠲᠡᠩᠭᠡᠯᠢᠭ ᠨᠢᠭᠡ ᠰᠦᠯᠵᠢᠶ᠎ᠡ ᠳᠥᠷᠪᠡᠨ ᠴᠠᠭᠠᠷᠢᠭ ᠢ ᠠᠭᠤᠰᠤᠯᠴᠠᠭᠤᠯᠵᠤ︾ ᠬᠠᠯᠠᠭᠤᠨ ᠳᠤᠯᠠᠭᠠᠨ ᠭᠡᠷ ᠣᠷᠣᠨ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/12/27
     ᠨᠢᠭᠡ ︽ᠲᠡᠩᠭᠡᠯᠢᠭ︾᠎ ᠢᠶᠠᠷ ᠦᠨᠳᠦᠰᠦᠨ ᠱᠠᠲᠤᠨ ᠤ ᠵᠠᠰᠠᠯᠲᠠ ᠶᠢ ᠳᠠᠶᠢᠴᠢᠯᠠᠪᠠ᠃ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠠᠷ ︽ᠲᠡᠩᠭᠡᠯᠢᠭ︾ ᠪᠣᠯᠭᠠᠵᠤ᠂ 137 ᠨᠢᠭᠡᠴᠢ ᠠᠵᠤ ᠠᠬᠤᠶᠢᠯᠠᠯ᠂ 18 ᠠᠵᠢᠯ ᠲᠥᠷᠥᠯ ᠤᠨ ᠲᠥᠷᠥᠯ ᠬᠡᠯᠪᠡᠷᠢ᠂ 6 ᠠᠳᠠᠯᠢ ᠪᠤᠰᠤ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢ ᠨᠢᠭᠲᠠᠷᠠᠭᠤᠯᠵᠤ᠂ ᠨᠡᠶᠢᠭᠡᠮ ᠠᠵᠤ ᠠᠬᠤᠶᠢᠯᠠᠯ ᠬᠠᠮᠲᠤᠷᠠᠯᠴᠠᠭᠰᠠᠨ᠂ ᠰᠤᠷᠭᠠᠭᠤᠯᠢ ᠨᠡᠶᠢᠭᠡᠮ ᠬᠠᠷᠢᠯᠴᠠᠨ ᠬᠦᠳᠡᠯᠦᠯᠴᠡᠭᠰᠡᠨ᠂ ᠰᠠᠯᠠᠭ᠎ᠠ ᠮᠥᠴᠢᠷ ᠬᠠᠮᠲᠤᠷᠠᠨ ᠬᠦᠳᠡᠯᠦᠯᠴᠡᠭᠰᠡᠨ ᠦᠨᠳᠦᠰᠦᠨ ᠱᠠᠲᠤᠨ ᠤ ᠵᠠᠰᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠯᠳᠦᠭᠦᠯᠪᠡ᠃ ᠨᠢᠭᠡ    ᠰᠦᠯᠵᠢᠶ᠎ᠡ ᠪᠠᠷ ᠨᠡᠶᠢᠳᠡᠮ ᠳᠤᠨᠢ ᠬᠠᠮᠢᠶᠠᠷᠴᠤ ᠪᠦᠷᠬᠦᠬᠦᠯᠬᠦ ᠬᠡᠪᠴᠢᠶ᠎ᠡ ᠶᠢ ᠥᠷᠭᠡᠳᠬᠡᠪᠡ᠃ ︽ᠤᠶᠤᠨᠲᠤ ᠬᠥᠨᠳᠡᠯᠡᠨ︾ ᠲᠠᠪᠴᠠᠩ ᠢ ᠠᠰᠢᠭᠯᠠ ᠰᠠᠭᠤᠭᠠᠯᠢ ᠠᠷᠠᠳ ᠤᠨ ᠰᠠᠨᠠᠭᠤᠯᠭ᠎ᠠ ᠪᠠ ᠰᠠᠨᠠᠯ ᠢ ᠴᠤᠭᠯᠠᠭᠤᠯᠵᠤ᠂ ᠭᠤᠷᠪᠠᠳᠠᠬᠢ ᠡᠲᠡᠭᠡᠳ ᠢ ᠣᠷᠣᠭᠤᠯᠤᠨ ᠠᠪᠴᠢᠷᠠᠵᠤ ︽ᠨᠢᠭᠡ ᠮᠦᠴᠡ ᠶᠢᠨ life︾ ᠰᠦᠯᠵᠢᠶᠡᠨ ᠳᠡᠭᠡᠷᠡᠬᠢ 15 ᠮᠢᠨᠦ᠋ᠲ ᠤᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠴᠠᠭᠠᠷᠢᠭ ᠢ ᠡᠭᠦᠳᠴᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠢᠯᠡᠴᠢᠯᠡᠭᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠪᠡ᠃ ᠳᠥᠷᠪᠡᠨ ︽ᠴᠠᠭᠠᠷᠢᠭ︾᠎ ᠢ ᠠᠭᠤᠰᠤᠯᠴᠠᠭᠤᠯᠤᠨ ᠬᠤᠯᠪᠣᠯᠳᠤᠭᠤᠯᠵᠤ ᠲᠦᠭᠵᠢᠷᠡᠯ ᠢ ᠠᠷᠢᠯᠭᠠᠪᠠ᠃ ᠬᠤᠪᠢᠰᠬᠠᠯ ᠤᠨ ᠬᠥᠳᠡᠯᠭᠡᠭᠦᠷ ᠤᠨ    ᠴᠠᠭᠠᠷᠢᠭ ᠤᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠪᠦᠬᠦ ᠵᠢᠯ ᠢᠶᠠᠷ ᠡᠭᠡᠯᠵᠢᠯᠡᠨ ᠵᠢᠵᠢᠭᠦᠷᠯᠡᠬᠦ ᠨᠢᠭᠡᠴᠢ ᠨᠡᠶᠢᠲᠡ 38 ᠲᠠᠯᠠᠪᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ 600 ᠭᠠᠷᠤᠢ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠪᠡ︔ ᠤᠶᠤᠨᠳᠤ ᠵᠠᠰᠠᠯᠲᠠ ᠶᠢᠨ ᠴᠠᠭᠠᠷᠢᠭ ᠤᠨ ᠥᠷᠭᠡᠳᠬᠡᠬᠦ ᠦᠢᠯᠡᠳᠦᠯ ᠢ ᠪᠠᠳᠠᠷᠠᠭᠤᠯᠵᠤ᠂ ︽ᠨᠡᠶᠢᠭᠡᠮ ᠲᠣᠭᠤᠷᠢᠭ + ᠵᠠᠬ᠎ᠠ ᠳᠡᠯᠭᠡᠭᠦᠷ︾᠂ ︽ᠨᠡᠶᠢᠭᠡᠮ ᠲᠣᠭᠤᠷᠢᠭ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾᠎ ᠤᠨ ᠰᠢᠨ᠎ᠡ ᠶᠢ ᠡᠭᠦᠳᠦᠭᠰᠡᠨ ᠠᠭᠤᠰᠤᠯᠴᠠᠯ ᠢ ᠰᠦᠪᠡᠭᠴᠢᠯᠡᠵᠦ᠂ ︽ᠭᠤᠷᠪᠠ ᠶᠢ ᠨᠢᠭᠡ ᠪᠣᠯᠭᠠᠨ ᠨᠢᠭᠡᠳᠭᠡᠭᠰᠡᠨ︾ ᠣᠶᠤᠨᠴᠢ ᠬᠤᠷᠢᠶᠠᠨ ᠠᠪᠬᠤ ᠥᠷᠲᠡᠭᠡ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠲᠢᠩᠰᠡ ᠵᠡᠷᠭᠡ ᠲᠥᠬᠦᠭᠡᠷᠦᠮᠵᠢ ᠶᠢ ᠲᠤᠬᠢᠷᠠᠭᠤᠯᠤᠨ ᠲᠠᠯᠪᠢᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠲᠠᠭᠠᠯᠠᠮᠵᠢᠲᠠᠶ ᠴᠢᠨᠠᠷ ᠢ ᠳᠡᠭᠡᠭᠰᠢᠯᠡᠭᠦᠯᠪᠠ︔ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠴᠠᠭᠠᠷᠢᠭ ᠤᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠪᠠᠳᠠᠷᠠᠭᠤᠯᠵᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠤᠯᠪᠤᠭᠠᠯᠠᠨ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠲᠤᠬᠠᠶ ᠶᠢᠨ ᠲᠠᠯᠠᠪᠠᠶ ᠳᠤ 67 ᠤᠳᠠᠭ᠎ᠠ ᠶᠢᠨ ᠰᠠᠭᠤᠭᠠᠯᠢ ᠠᠷᠠᠳ ᠲᠠᠢ ᠰᠡᠳᠬᠢᠯ ᠶᠢᠨ ᠦᠬᠡ ᠪᠠᠨ ᠶᠠᠷᠢᠯᠴᠠᠬᠤ ᠬᠤᠷᠠᠯ ᠬᠤᠷᠠᠯᠳᠤᠭᠤᠯᠵᠤ᠂ 128 ᠵᠤᠷᠪᠤᠰ ᠰᠠᠨᠠᠯ ᠰᠠᠨᠠᠭᠤᠯᠭ᠎ᠠ ᠬᠤᠷᠢᠶᠠᠵᠤ᠂ ᠥᠭᠡᠷᠡᠴᠢᠯᠡᠨ ᠰᠢᠨᠡᠳᠬᠡᠬᠦ ᠵᠢᠷᠤᠭ ᠲᠥᠯᠥᠪᠯᠡᠭᠡ ᠶᠢᠨ 3 ᠲᠥᠰᠦᠯ᠂ 3 ᠪᠠᠷᠢᠯᠭ᠎ᠠ ᠶᠢᠨ ᠠᠭᠤᠯᠭ᠎ᠠ ᠶᠢ ᠬᠤᠪᠢᠷᠠᠭᠤᠯᠪᠠ︔ ᠬᠤᠰᠢᠭᠤᠴᠢ ᠶᠢᠨ ᠦᠢᠯᠡᠴᠢᠯᠡᠬᠡᠨ ᠤ ᠴᠠᠭᠠᠷᠢᠭ ᠤᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ︽ᠨᠥᠬᠦᠷᠯᠡᠯ ᠠᠰᠠᠷ ᠤᠨ ᠳᠠᠷᠤᠭ᠎ᠠ︾᠎ ᠶᠢᠨ ᠰᠠᠶᠢᠨ ᠳᠤᠷᠠᠴᠤᠳ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠵᠡᠷᠭᠡ ᠠᠵᠢᠯᠯᠠᠭ᠎ᠠ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ︽ᠨᠠᠰᠤᠲᠠᠶᠢᠴᠤᠳ᠂ ᠵᠡᠮᠳᠡᠭᠴᠦᠳ᠂ ᠥᠨᠥᠴᠢᠨ᠂ ᠬᠦᠴᠢᠷᠳᠡᠯᠲᠡᠶ︾ ᠵᠡᠷᠭᠡ ᠤᠨᠴᠠᠭᠠᠢ ᠬᠥᠮᠦᠰ ᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠵᠤ᠂ ᠲᠡᠳᠡᠨ ᠳᠤ ᠠᠮᠢᠳᠤᠷᠠᠯ ᠤᠨ ᠬᠠᠷᠠᠭᠠᠯᠵᠠᠯ ᠦᠵᠡᠬᠦᠯᠬᠦ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠦ ᠦᠭᠬᠦ  ᠵᠡᠷᠭᠡ  ᠦᠢᠯᠡᠴᠢᠯᠡᠭᠡ ᠬᠠᠩᠭᠠᠪᠠ᠃  ︵ ᠨᠦᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号