ᠬᠤᠲᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ︽ᠳᠥᠷᠪᠡᠨ ᠲᠤᠤᠷ︾᠎ ᠢ ᠪᠠᠲᠤ ᠰᠦᠯᠵᠢᠵᠦ ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠯᠲᠠ ᠶᠢ ᠬᠠᠮᠠᠭᠠᠯᠠᠵᠤ ᠪᠤᠢ
ᠨᠡᠶᠢᠲᠡᠯᠡᠭᠰᠡᠨ ᠴᠠᠭ᠄
2023/12/28
    ᠨᠢᠭᠡ ᠳᠤ᠂ ︽1 + 4 + X︾ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ︽ᠵᠢᠭᠰᠠᠭᠠᠯ ᠤᠨ ᠭᠠᠵᠠᠷ ᠤᠨ ᠲᠤᠤᠷ︾᠎ ᠢ ᠪᠠᠶᠢᠭᠤᠯᠵᠤ᠂ ᠵᠡᠭᠡᠯᠢ ᠭᠤᠳᠤᠮᠵᠢ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠥᠷᠲᠡᠭᠡ ᠶᠢᠨ 1 ᠭᠤᠤᠯᠯᠠᠬᠴᠢ ᠶᠢ ᠳᠣᠪᠤᠶᠢᠯᠭᠠᠨ᠂ ᠠᠵᠢᠯ᠂ ᠠᠵᠢᠯᠯᠠᠭ᠎ᠠ᠂ ᠠᠮᠢᠳᠤᠷᠠᠯ᠂ ᠲᠦᠷ ᠴᠠᠭ ᠤᠨ ᠬᠠᠷᠠᠭᠠᠯᠵᠠᠨ ᠠᠰᠠᠷᠠᠬᠤ 4 ᠲᠠᠯ᠎ᠠ ᠶᠢᠨ ᠲᠣᠭᠤᠷᠢᠨ ᠳᠤ᠂ ᠬᠡᠦᠬᠡᠳ ᠤᠨ ᠬᠡᠷ ᠵᠡᠷᠭᠡ N ᠵᠦᠢᠯ ᠤᠨ ᠨᠡᠶᠢᠭᠡᠮ ᠤᠨ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠪᠡ᠃ ᠬᠤᠶᠠᠷ ᠲᠤ᠂ ︽ᠬᠡᠦᠬᠡᠳ ᠤᠨ ᠬᠢᠨᠠᠨ ᠵᠢᠯᠣᠭᠤᠳᠣᠭᠴᠢ + ᠬᠡᠦᠬᠡᠳ ᠤᠨ ᠡᠷᠬᠢᠯᠡᠭᠴᠢ + ᠬᠡᠦᠬᠡᠳ ᠤᠨ ᠨᠡᠶᠢᠭᠡᠮ ᠤᠨ ᠠᠵᠢᠯᠴᠢᠨ + ᠪᠤᠰᠤᠳ ᠨᠡᠶᠢᠭᠡᠮ ᠤᠨ ᠬᠦᠴᠦᠨ︾᠎ ᠤ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢᠨ ︽ᠡᠩᠨᠡᠭᠡ ᠶᠢᠨ ᠲᠤᠤᠷ︾᠎ ᠢ ᠪᠠᠶᠢᠭᠤᠯᠪᠠ᠃ ︽ᠨᠡᠷᠡᠨ ᠬᠤᠸᠠᠷ ᠬᠡᠦᠬᠡᠳ ᠤᠨ ᠠᠵᠢᠯᠯᠠᠬᠤ ᠦᠷᠦᠬᠡ︾᠎ ᠶᠢ ᠡᠭᠦᠳᠦᠨ ᠪᠠᠶᠢᠭᠤᠯᠵᠤ᠂ ᠨᠡᠶᠢᠭᠡᠮ ᠤᠨ ᠠᠵᠢᠯ ᠤᠨ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠥᠷᠲᠡᠭᠡ ᠵᠡᠷᠭᠡ ᠲᠠᠪᠴᠠᠩ ᠢ ᠠᠰᠢᠭᠯᠠᠨ᠂ ᠪᠤᠰᠤᠳ ᠨᠡᠶᠢᠭᠡᠮ ᠤᠨ ᠬᠦᠴᠦᠨ ᠢ ᠬᠤᠯᠪᠣᠵᠤ ᠣᠯᠠᠨ ᠶᠠᠩᠵᠤᠵᠢᠬᠰᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠪᠡ᠃ ᠭᠤᠷᠪᠠ ᠳᠤ᠂ ᠬᠡᠷ ᠪᠦᠯᠢ ᠪᠠᠷ ᠰᠠᠭᠤᠷᠢ ᠪᠣᠯᠭᠠᠭᠰᠠᠨ᠂ ᠰᠤᠷᠭᠠᠭᠤᠯᠢ ᠪᠠᠷ ᠭᠤᠤᠯ ᠴᠣᠭᠴᠠ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠭᠰᠠᠨ᠂ ᠨᠡᠶᠢᠭᠡᠮ ᠤᠨ ᠠᠵᠢᠯᠲᠠᠨ ᠢᠶᠠᠷ ᠲᠤᠯᠭᠠᠭᠤᠷᠢᠯᠡᠯ ᠪᠣᠯᠭᠠᠭᠰᠠᠨ ︽ᠬᠡᠷ ᠪᠦᠯᠢ ᠰᠤᠷᠭᠠᠭᠤᠯᠢ ᠨᠡᠶᠢᠬᠡᠮ︾ ᠬᠠᠮᠵᠢᠯᠴᠠᠨ ᠬᠥᠮᠦᠨ ᠬᠥᠮᠦᠵᠢᠭᠦᠯᠬᠦ ︽ ᠦᠢᠯᠡᠴᠢᠯᠡᠭᠡᠨ ᠤ ᠲᠤᠤᠷ︾᠎ ᠢ ᠪᠠᠶᠢᠭᠤᠯᠪᠠ᠃ ᠭᠡᠷ ᠪᠦᠯᠢ ᠶᠢᠨ ᠬᠥᠮᠦᠵᠢᠯ ᠤᠨ ᠲᠠᠯ᠎ᠠ ᠪᠠᠷ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠳᠠᠩᠰᠠ ᠡᠪᠬᠡᠮᠡᠯ ᠪᠠᠶᠢᠭᠤᠯᠵᠤ ᠦᠭᠬᠦᠨ᠂ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠡᠯ᠎ᠡ ᠲᠥᠷᠥᠯ ᠤᠨ ᠲᠣᠬᠤᠨᠢᠭᠤᠯᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠪᠡ︔ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠠᠯ᠎ᠠ ᠪᠠᠷ᠂ ᠪᠤᠭᠤᠲᠤ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ᠂ ᠮᠣᠩᠭᠤᠯ ᠦᠨᠳᠦᠰᠦᠲᠡᠨ ᠤ ᠰᠤᠷᠭᠠᠭᠤᠯᠢ ᠵᠡᠷᠭᠡ ᠭᠠᠵᠠᠷ ᠲᠠᠢ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠬᠥᠭᠵᠢᠯᠲᠡ ᠶᠢ ᠠᠬᠢᠭᠤᠯᠪᠠ︔ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠨᠠᠰᠤᠨ ᠳᠤ ᠥᠯᠥ ᠭᠦᠷᠦᠭᠰᠡᠳ ᠤᠨ ᠨᠡᠶᠢᠲᠡ ᠶᠢᠨ ᠠᠰᠠᠷᠠᠮᠵᠢ ᠶᠢᠨ ᠦᠢᠯᠡᠳᠦᠯᠬᠡ ᠶᠢᠨ ᠬᠥᠮᠦᠵᠢᠯ ᠤᠨ ᠰᠠᠭᠤᠷᠢᠨ ᠢ ᠪᠠᠶᠢᠭᠤᠯᠵᠤ᠂ ᠨᠡᠶᠢᠲᠡ 2000 ᠭᠠᠷᠤᠶ ᠨᠠᠰᠤᠨ ᠳᠤ ᠥᠯᠥ ᠭᠦᠷᠦᠭᠰᠡᠳ ᠲᠤ ᠦᠢᠯᠡᠴᠢᠯᠡᠪᠡ᠃ ᠳᠥᠷᠪᠡ ᠳᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠨᠴᠠᠯᠢᠭᠳᠤ 4 ︽ᠲᠦᠷᠦᠯ ᠲᠡᠮᠳᠡᠭ ᠤᠨ ᠲᠤᠤᠷ︾᠎ ᠢ ᠰᠢᠨ᠎ᠡ ᠶᠢ ᠡᠭᠦᠳᠦᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠦᠴᠦᠷᠭᠡᠭᠯᠡᠯ ᠳᠣᠷᠣᠮᠵᠢᠯᠠᠯ ᠢ ᠰᠡᠷᠭᠡᠶᠢᠯᠡᠬᠦ ᠤᠬᠠᠭᠤᠯᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠳᠤᠷ᠎ᠠ ᠰᠣᠨᠢᠷᠬᠠᠯ ᠤᠨ ᠠᠩᠭᠢ ᠵᠡᠷᠭᠡ ᠠᠵᠢᠯᠯᠠᠭ᠎ᠠ ᠶᠢ ᠨᠡᠶᠢᠲᠡ 80 ᠭᠠᠷᠤᠶ ᠲᠠᠯᠠᠪᠤᠷ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠲᠤ 1000 ᠭᠠᠷᠤᠶ ᠬᠥᠮᠦᠨ ᠤᠳᠠᠭ᠎ᠠ ᠳᠤ ᠦᠢᠯᠡᠴᠢᠯᠡᠪᠡ᠃ ︵ ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号