11 ᠰᠠᠷ᠎ᠠ ᠶᠢᠨ 29 ᠤ ᠡᠳᠦᠷ᠂ ︽12306 ᠪᠢᠯᠧᠲ ᠪᠤᠴᠠᠭᠠᠬᠤ ᠳᠤ ᠭᠠᠷ ᠬᠦᠢᠴᠡᠳᠬᠡᠯ ᠤᠨ ᠰᠦᠢᠳᠭᠡᠯ | ᠬᠤᠷᠢᠶᠠᠬᠤ ᠥᠬᠡᠶ ᠪᠤᠯᠪᠠ᠂ ᠲᠡᠷᠭᠡ ᠬᠥᠳᠡᠯᠬᠦ ᠠᠴᠠ ᠡᠮᠦᠨ᠎ᠡ 10 ᠮᠢᠨᠦ᠋ᠲ ᠤᠨ ᠳᠣᠲᠣᠷ᠎ᠠ ᠪᠢᠯᠧᠲ ᠪᠤᠴᠠᠭᠠᠬᠤ ᠳᠤ | ᠰᠦᠢᠳᠭᠡᠯ ᠬᠤᠷᠢᠶᠠᠬᠰᠠᠨ ᠥᠬᠡᠶ︾ ᠬᠡᠰᠡᠨ ᠨᠢᠭᠡᠨ ᠮᠡᠳᠡᠭᠡ ᠵᠠᠩᠭᠢ ᠰᠦᠯᠵᠢᠶᠡᠴᠢᠳ ᠤᠨ ᠠᠩᠬᠠᠷᠤᠯ ᠢ ᠲᠠᠲᠠᠪᠠ᠃ | ᠡᠭᠦᠨ ᠤ ᠲᠤᠬᠠᠶ ᠰᠤᠷᠪᠤᠯᠵᠢᠯᠠᠭᠴᠢ ᠲᠡᠮᠦᠷ ᠵᠠᠮ ᠤᠨ ᠰᠠᠯᠠᠭ᠎ᠠ ᠮᠥᠴᠢᠷ ᠲᠠᠢ ᠬᠠᠷᠢᠯᠴᠠᠵᠤ ᠭᠡᠷᠡᠴᠢᠯᠡᠯ ᠬᠢᠵᠡᠶ᠃ | 11 ᠰᠠᠷ᠎ᠠ ᠶᠢᠨ 29 ᠤ ᠡᠳᠦᠷ᠂ ᠰᠤᠷᠪᠤᠯᠵᠢᠯᠠᠭᠴᠢ 12306 ᠲᠡᠮᠦᠷ ᠵᠠᠮ ᠤᠨ ᠠᠶᠠᠨᠴᠢᠳ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠠᠰᠠᠭᠤᠨ ᠯᠠᠪᠯᠠᠬᠰᠠᠨ ᠳᠤ᠂ ᠲᠡᠷᠭᠡᠨ ᠪᠢᠯᠧᠲ ᠪᠤᠴᠠᠭᠠᠬᠤ ᠳᠤ ᠭᠠᠷ | ᠬᠦᠢᠴᠡᠳᠬᠡᠯ ᠤᠨ ᠰᠦᠢᠳᠭᠡᠯ ᠬᠤᠷᠢᠶᠠᠬᠤ ᠠᠷᠭ᠎ᠠ ᠬᠡᠮᠵᠢᠶ᠎ᠡ ᠶᠢ ᠮᠥᠨ ᠬᠦ ᠣᠲᠣ ᠶᠢᠨ ᠬᠡᠷᠡᠭᠵᠢᠭᠦᠯᠵᠦ ᠪᠠᠶᠢᠭ᠎ᠠ | ᠪᠢᠯᠧᠲ ᠪᠤᠴᠠᠭᠠᠬᠤ ᠳᠤ ᠰᠦᠢᠳᠭᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠨ᠎ᠠ᠂ ᠣᠳᠣᠬᠠᠨ ᠳᠤ ᠰᠢᠨ᠎ᠡ | ᠲᠣᠭᠲᠠᠭᠠᠯ ᠨᠡᠶᠢᠲᠡᠯᠡᠭᠳᠡᠭᠡᠳᠦᠶ ᠪᠠᠶᠢᠬᠰᠠᠭᠠᠷ ᠬᠡᠪᠡ᠃ ᠲᠡᠭᠡᠪᠡᠯ ᠲᠣᠰ ᠰᠦᠯᠵᠢᠶᠡᠨ ᠤ ᠨᠠᠶᠢᠵᠠ ᠶᠠᠭᠠᠬᠢᠭᠠᠳ ᠲᠡᠷᠭᠡ | ᠬᠥᠳᠡᠯᠬᠦ ᠠᠴᠠ 10 ᠭᠠᠷᠤᠶ ᠮᠢᠨᠦ᠋ᠲ ᠤᠨ ᠡᠮᠦᠨ᠎ᠡ ᠪᠢᠯᠧᠲ ᠢᠶᠠᠨ ᠪᠤᠴᠠᠭᠠᠬᠰᠠᠨ ᠳᠤ ᠭᠠᠷ ᠬᠦᠢᠴᠡᠳᠬᠡᠯ ᠤᠨ | ᠰᠦᠢᠳᠭᠡᠯ ᠬᠤᠷᠢᠶᠠᠬᠰᠠᠨ ᠥᠬᠡᠶ ᠪᠣᠶ︖ ᠡᠭᠦᠨ ᠤ ᠲᠤᠬᠠᠶ ᠲᠡᠮᠦᠷ ᠵᠠᠮ ᠤᠨ ᠰᠠᠯᠠᠭ᠎ᠠ ᠮᠥᠴᠢᠷ ᠤᠨ ᠬᠤᠯᠪᠣᠭᠳᠠᠯ | ᠪᠥᠬᠦᠶ ᠠᠵᠢᠯᠲᠠᠨ ᠬᠡᠯᠡᠬᠦ ᠳᠡᠭᠡᠨ᠂ ᠪᠠᠶᠢᠴᠠᠭᠠᠨ ᠯᠠᠪᠯᠠᠭᠰᠠᠨ ᠢᠶᠠᠷ᠂ 11 ᠰᠠᠷ᠎ᠠ ᠶᠢᠨ 27 ᠤ ᠡᠳᠦᠷ ᠶᠠᠨ ᠠᠨ ᠠᠴᠠ | ᠬᠦᠳᠡᠯᠬᠦ D779 ᠡᠭᠡᠯᠵᠢ ᠶᠢᠨ ᠭᠠᠯᠲᠤ ᠲᠡᠷᠭᠡ 30 ᠮᠢᠨᠦ᠋ᠲ ᠣᠷᠦ᠋ᠢᠲᠠᠨ ᠬᠦᠳᠡᠯᠦᠭᠰᠡᠨ ᠪᠠᠶᠢᠨ᠎ᠠ᠂ ᠬᠤᠯᠪᠣᠭᠳᠠᠯ | ᠪᠥᠬᠦᠶ ᠲᠣᠭᠲᠠᠭᠠᠯ ᠢ ᠦᠨᠳᠦᠰᠦᠯᠡᠪᠡᠯ᠂ ᠭᠠᠯᠲᠤ ᠲᠡᠷᠭᠡ ᠣᠷᠦ᠋ᠢᠲᠠᠭᠰᠠᠨ ᠰᠢᠯᠲᠠᠭᠠᠨ ᠠᠴᠠ ᠪᠣᠯᠵᠣ ᠬᠡᠷᠡᠭᠯᠡᠭᠴᠢ | ᠪᠢᠯᠧᠲ ᠪᠤᠴᠠᠭᠠᠬᠤ ᠳᠤ ᠪᠢᠯᠧᠲ ᠪᠤᠴᠠᠭᠠᠬᠤ ᠰᠦᠢᠳᠭᠡᠯ ᠬᠤᠷᠢᠶᠠᠬᠤ ᠴᠢᠬᠤᠯᠠ ᠥᠬᠡᠶ ᠶᠤᠮ ᠭᠡᠵᠡᠶ᠃ | ︽ᠡᠩ ᠤᠨ ᠪᠠᠶᠢᠳᠠᠯ ᠳᠤᠤᠷ᠎ᠠ᠂ ᠬᠡᠷᠪᠡ ᠭᠠᠯᠲᠤ ᠲᠡᠷᠭᠡ ᠲᠤᠬᠳᠠᠬᠰᠠᠨ ᠴᠠᠭ ᠲᠠᠭᠠᠨ ᠬᠦᠷᠴᠦ ᠳᠡᠶᠢᠯᠬᠦ | ᠥᠬᠡᠶ ᠪᠣᠯ᠂ ᠲᠡᠷᠭᠡᠨ ᠥᠷᠲᠡᠭᠡᠨ ᠤ ᠠᠵᠢᠯᠲᠠᠨ ᠡᠨᠡ ᠡᠭᠡᠯᠵᠢ ᠶᠢᠨ ᠭᠠᠯᠲᠤ ᠲᠡᠷᠭᠡ ᠶᠢ ᠲᠤᠬᠳᠠᠬᠰᠠᠨ | ᠴᠠᠭ ᠠᠴᠠ ᠪᠠᠨ ᠤᠷᠦ᠋ᠢᠳᠠᠬᠰᠠᠨ ᠭᠡᠵᠦ ᠦᠵᠡᠳᠡᠭ᠂ ᠬᠡᠷᠡᠭᠯᠡᠭᠴᠢ ᠴᠠᠭ ᠢ ᠦᠨᠳᠦᠰᠦᠯᠡᠨ ᠬᠦᠯᠢᠶᠡᠬᠦ ᠪᠤᠶᠤ ᠲᠡᠷᠭᠡᠨ | ᠪᠢᠯᠧᠲ ᠢᠶᠠᠨ ᠪᠤᠴᠠᠭᠠᠬᠤ ᠪᠠ ᠥᠭᠡᠷᠡᠴᠢᠯᠡᠬᠦ ᠭᠠᠷ ᠤᠨ ᠥᠰᠥᠭ ᠵᠢᠷᠤᠬᠤ ᠲᠤᠬᠠᠶᠢᠯᠠᠭᠰᠠᠨ ᠠᠵᠢᠯ ᠤᠨ ᠭᠠᠷ | ᠬᠦᠢᠴᠡᠳᠬᠡᠯ ᠬᠢᠵᠦ ᠪᠣᠯᠤᠨ᠎ᠠ᠂ ᠭᠠᠯᠲᠤ ᠲᠡᠷᠭᠡ ᠣᠷᠦ᠋ᠢᠲᠠᠭᠰᠠᠨ ᠰᠢᠯᠲᠠᠭᠠᠨ ᠠᠴᠠ ᠪᠣᠯᠵᠣ ᠪᠢᠯᠧᠲ ᠢᠶᠠᠨ | ᠪᠤᠴᠠᠭᠠᠬᠤ ᠳᠤ ᠪᠢᠯᠧᠲ ᠪᠤᠴᠠᠭᠠᠬᠤ ᠰᠦᠢᠳᠭᠡᠯ ᠬᠤᠷᠢᠶᠠᠬᠤ ᠥᠬᠡᠶ︾ ᠭᠡᠵᠦ 12306 ᠠᠶᠠᠨᠴᠢᠳ ᠤᠨ | ᠦᠢᠯᠡᠴᠢᠯᠡᠭᠡ ᠶᠢᠨ ᠲᠠᠪᠴᠠᠩ ᠤᠨ ᠬᠢᠨ ᠬᠡᠯᠡᠭᠰᠡᠨ ᠢᠶᠠᠨ ᠵᠠᠯᠭᠠᠭᠠᠳ᠂ ᠲᠣᠰ ᠬᠡᠷᠡᠭᠯᠡᠭᠴᠢ ᠪᠢᠯᠧᠲ ᠢᠶᠠᠨ ᠪᠤᠴᠠᠭᠠᠬᠤ | ᠦᠶ᠎ᠡ ᠳᠤ ᠭᠠᠯᠲᠤ ᠲᠡᠷᠭᠡ ᠣᠷᠦ᠋ᠢᠲᠠᠭᠰᠠᠨ ᠢ ᠮᠡᠳᠡᠭᠰᠡᠨ ᠥᠬᠡᠶ ᠪᠠᠶᠢᠵᠤ ᠮᠡᠳᠡᠨ᠎ᠡ᠂ ᠡᠶᠢᠮᠦ ᠠᠴᠠ ᠰᠠᠶ᠋ᠢ ᠢᠮᠦᠷᠬᠦᠦ | ᠠᠩᠬᠠᠷᠤᠯ ᠢ ᠲᠠᠳᠠᠬᠰᠠᠨ ᠶᠠᠪᠤᠳᠠᠯ ᠭᠠᠷᠤᠬᠰᠠᠨ ᠪᠠᠶᠢᠨ᠎ᠠ ᠭᠡᠪᠡ᠃ |