ᠪᠠᠭᠠᠴᠤᠤᠯ ᠵᠡᠭᠡᠯᠢ ᠭᠤᠳᠤᠮᠵᠢ ᠬᠢᠭᠡᠳ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠠᠵᠢᠯᠯᠠᠭ᠎ᠠ ᠵᠢᠴᠢ ︽ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠠᠴᠤᠤᠯ 21 ᠳ᠋ᠤᠭᠡᠷ ᠨᠡᠶᠢᠭᠡᠮ ᠲᠣᠭᠤᠷᠢᠭ ᠤᠨ ᠬᠥᠮᠦᠵᠢᠯ ᠪᠣᠯᠪᠠᠰᠤᠷᠠᠯ ᠤᠨ ᠦᠶᠯᠡᠴᠢᠯᠡᠭᠡᠨ ᠤ ᠥᠷᠲᠡᠭᠡ︾ ᠶᠢᠨ ᠫᠠᠶᠢᠰᠠ ᠡᠯᠭᠦᠬᠦ ᠶᠣᠰᠣᠯᠠᠯ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/12/4
     11 ᠰᠠᠷ᠎ᠠ ᠶᠢᠨ 28 ᠤ ᠡᠳᠦᠷ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠪᠠᠭᠠᠴᠤᠤᠯ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠮᠳᠤᠷᠠᠨ ᠪᠠᠭᠠᠴᠤᠤᠯ 21 ᠳ᠋ᠤᠭᠡᠷ ᠨᠡᠶᠢᠭᠡᠮ ᠲᠣᠭᠤᠷᠢᠭ ᠲᠤ ︽ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠶᠢᠭᠡᠮ ᠲᠣᠭᠤᠷᠢᠭ ᠤᠨ ᠬᠥᠮᠦᠵᠢᠯ ᠪᠣᠯᠪᠠᠰᠤᠷᠠᠯ ᠤᠨ ᠦᠶᠯᠡᠴᠢᠯᠡᠭᠡᠨ ᠤ ᠥᠷᠲᠡᠭᠡ︾ ᠶᠢ ᠪᠠᠶᠢᠭᠤᠯᠤᠭᠰᠠᠨ ᠪᠥᠭᠡᠳ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠤᠨ ᠳᠠᠪᠠᠭᠤᠯᠢᠭ ᠢ ᠵᠤᠬᠢᠶᠠᠨ ᠪᠠᠶᠢᠭᠤᠯᠵᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠳᠤᠮᠳᠠ ᠨᠠᠩ ᠶᠡᠭᠡ ᠦᠷ᠎ᠡ ᠪᠦᠲᠦᠮᠵᠢ ᠤᠯᠬᠤ ᠶᠢ ᠪᠡᠶᠡᠯᠡᠬᠦᠯᠪᠡ  ᠃ ︵ ᠪᠠᠭᠠᠴᠤᠤᠯ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号