ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/12/4
    ᠤᠶᠢᠷ᠎ᠠ ᠳᠤ᠂ ᠪᠠᠭᠠᠴᠤᠤᠯ ᠵᠠᠮ ᠵᠡᠭᠡᠯᠢ ᠭᠤᠳᠤᠮᠵᠢ ᠶᠢᠨ ᠪᠠᠭᠠᠴᠤᠤᠯ 21 ᠳ᠋ᠤᠭᠡᠷ ᠨᠡᠶᠢᠭᠡᠮ ᠲᠣᠭᠤᠷᠢᠭ ᠤᠨ ︽ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠶᠢᠭᠡᠮ ᠲᠣᠭᠤᠷᠢᠭ ᠤᠨ ᠬᠥᠮᠦᠵᠢᠯ ᠪᠣᠯᠪᠠᠰᠤᠷᠠᠯ ᠤᠨ ᠦᠶᠯᠡᠴᠢᠯᠡᠭᠡᠨ ᠤ ᠥᠷᠲᠡᠭᠡ︾ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠃ ᠪᠠᠶᠢᠭᠤᠯᠤᠭᠳᠠᠭᠰᠠᠨ ᠲᠤᠰ ᠡᠳᠦᠷ᠂ ︽ᠰᠤᠷᠭᠤᠭ ᠴᠡᠴᠡᠭ ᠤᠨ ᠨᠡᠷ᠎ᠡ ᠪᠠᠷ᠂ ᠠᠮᠢᠳᠤᠷᠠᠯ ᠤᠨ ᠴᠡᠩᠬᠡᠯ ᠵᠢᠷᠭᠠᠯ ᠢ ᠡᠳ᠋ᠯᠡᠨ᠎ᠡ︾ ᠭᠡᠬᠦ ᠴᠡᠴᠡᠭ ᠰᠠᠭᠤᠯᠭᠠᠬᠤ ᠮᠡᠷᠬᠡᠵᠢᠯ ᠢ ᠪᠡᠶᠡᠴᠢᠯᠡᠨ ᠣᠶᠢᠯᠠᠭᠠᠬᠤ ᠭᠤᠣᠯ ᠰᠡᠳᠦᠪᠲᠦ ᠠᠵᠢᠯᠯᠠᠭ᠎ᠠ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠡᠷᠭᠡ 40 ᠭᠠᠷᠤᠢ ᠬᠥᠮᠦᠨ ᠣᠷᠣᠯᠴᠠᠪᠠ᠃
    ᠠᠵᠢᠯᠯᠠᠭ᠎ᠠ ᠳᠤᠮᠳᠠ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠡᠴᠡᠭ ᠰᠠᠭᠤᠯᠭᠠᠬᠤ ᠪᠠᠭᠰᠢ ᠠᠴᠠ ᠰᠠᠭᠤᠭᠠᠯᠢ ᠠᠷᠠᠳ ᠲᠤ ᠳᠤᠮᠳᠠᠳᠤ ᠤᠯᠤᠰ ᠤᠨ ᠴᠡᠴᠡᠭ ᠰᠠᠭᠤᠯᠭᠠᠬᠤ ᠤᠷᠠᠯᠢᠭ ᠤᠨ ᠲᠤᠬᠠᠢ ᠲᠠᠨᠢᠯᠴᠠᠭᠤᠯᠤᠭᠰᠠᠨ ᠪᠥᠭᠡᠳ ᠴᠡᠴᠡᠭ ᠰᠠᠭᠤᠯᠭᠠᠬᠤ ᠦᠨᠳᠦᠰᠦᠨ ᠤᠷ᠎ᠠ ᠮᠡᠷᠭᠡᠵᠢᠯ᠂ ᠥᠩᠭᠡ ᠪᠤᠳᠤᠭ ᠢ ᠰᠤᠩᠭᠤᠨ ᠲᠣᠬᠢᠷᠠᠭᠤᠯᠬᠤ ᠮᠡᠳᠡᠯᠭᠡ ᠶᠢ ᠨᠠᠷᠢᠨ ᠲᠠᠶᠢᠯᠪᠤᠷᠢᠯᠠᠵᠠᠶ᠃ ᠰᠠᠭᠤᠭᠠᠯᠢ ᠠᠷᠠᠳ ᠪᠠᠭᠰᠢ ᠶᠢᠨ ᠬᠢᠵᠦ ᠦᠵᠡᠬᠦᠯᠬᠦ ᠠᠯᠬᠤᠮ ᠢ ᠲᠠᠭᠠᠵᠤ ᠨᠢᠭᠡ ᠲᠠᠯ᠎ᠠ ᠪᠠᠷ ᠰᠤᠷᠤᠯᠴᠠᠨ ᠰᠤᠳᠤᠯᠵᠤ᠂ ᠨᠦᠬᠦᠭᠡ ᠨᠢᠭᠡ ᠲᠠᠯ᠎ᠠ ᠪᠠᠷ ᠶᠠᠷᠢᠯᠴᠠᠨ ᠰᠤᠯᠢᠯᠴᠠᠵᠤ᠂ ᠲᠡᠮᠡᠢ ᠤᠳᠠᠯ ᠦᠬᠡᠢ ᠭᠤᠶᠢᠳᠠ ᠰᠠᠶᠢᠬᠠᠨ ᠯᠤᠩᠬᠤᠳᠤ ᠴᠡᠴᠡᠭ ᠤᠨ ᠤᠷᠠᠯᠢᠭ ᠤᠨ ᠪᠦᠲᠦᠭᠡᠯ ᠤᠳ ᠪᠠᠶᠠᠷ ᠪᠠᠭ᠋ᠠᠳᠤᠯ ᠤᠨ ᠳᠤᠮᠳᠠ ᠪᠦᠳᠦᠭᠡᠭᠳᠡᠪᠡ᠃  
     ᠤᠶᠢᠷ᠎ᠠ ᠶᠢᠨ ᠵᠢᠯ ᠠᠴᠠ᠂ ᠪᠠᠭᠠᠴᠤᠤᠯ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠤᠯᠠᠨ ᠲᠦᠮᠡᠨ ᠢ ᠨᠢᠭᠲᠠᠷᠠᠭᠤᠯᠤᠨ ᠤᠯᠠᠨ ᠲᠦᠮᠡᠨ ᠢ ᠬᠦᠳᠦᠯᠥᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠢᠶᠠᠷ ᠬᠦᠮᠦᠰ ᠢ ᠤᠬᠠᠭᠠᠷᠠᠭᠤᠯᠵᠤ᠂ ᠰᠢᠯᠢᠳᠡᠭ ᠬᠡᠪ ᠰᠤᠷᠳᠠᠯ ᠢ ᠪᠤᠢ ᠪᠤᠯᠭᠠᠨ ᠪᠤᠯᠬᠢ ᠵᠠᠩ ᠵᠠᠩᠰᠢᠯ ᠢ ᠠᠷᠢᠯᠭᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ︽ᠨᠡᠶᠢᠭᠡᠮ ᠲᠤᠭᠤᠷᠢᠭ ᠪᠠ ᠰᠤᠷᠭᠠᠭᠤᠯᠢ ᠬᠤᠯᠪᠣᠭᠠᠯᠠᠨ ᠬᠥᠳᠡᠯᠦᠯᠴᠡᠬᠦ︾᠂ ︽ᠨᠡᠶᠢᠭᠡᠮ ᠲᠤᠭᠤᠷᠢᠭ ᠪᠠ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ︾ ᠵᠡᠷᠭᠡ ᠬᠠᠮᠲᠤᠷᠠᠯᠴᠠᠭᠠᠨ ᠤ ᠵᠠᠭᠪᠤᠷ ᠢ ᠪᠦᠷᠢᠯᠳᠦᠭᠦᠯᠵᠦ᠂ ᠠᠷᠠᠳ ᠲᠦᠮᠡᠨ ᠳᠤ ᠦᠢᠯᠡᠴᠢᠯᠡᠬᠦ ᠵᠢᠭᠰᠠᠭᠠᠯ ᠤᠨ ᠭᠠᠵᠠᠷ ᠢ ᠴᠢᠨᠠᠭᠰᠢᠳᠠ ᠪᠠᠬᠢᠵᠢᠭᠦᠯᠵᠡᠢ᠃      ᠲᠠᠷᠠᠭᠠᠴᠢ ᠶᠢᠨ ᠠᠯᠬᠤᠮ ᠳᠤ᠂ ᠪᠠᠭᠠᠴᠤᠤᠯ ᠵᠠᠮ ᠵᠡᠭᠡᠯᠢ ᠭᠤᠳᠤᠮᠵᠢ ᠲᠣᠰ ᠤᠳᠠᠭᠠᠨ ᠤ ᠨᠡᠶᠢᠭᠡᠮ ᠲᠣᠭᠤᠷᠢᠭ ᠤᠨ ᠬᠥᠮᠦᠵᠢᠯ ᠪᠣᠯᠪᠠᠰᠤᠷᠠᠯ ᠤᠨ ᠦᠶᠯᠡᠴᠢᠯᠡᠭᠡᠨ ᠤ ᠥᠷᠲᠡᠭᠡ ᠫᠠᠶᠢᠰᠠ ᠡᠯᠭᠦᠨ ᠪᠠᠶᠢᠭᠤᠯᠤᠭᠳᠠᠭᠰᠠᠨ ᠶᠠᠪᠤᠳᠠᠯ ᠢᠶᠠᠷ ᠠᠵᠠ ᠲᠣᠬᠢᠶᠠᠯ ᠪᠣᠯᠭᠠᠵᠤ᠂ ᠨᠡᠶᠢᠭᠡᠮ ᠲᠣᠭᠤᠷᠢᠭ ᠤᠨ ᠬᠥᠮᠦᠵᠢᠯ ᠪᠤᠯᠪᠠᠰᠤᠷᠠᠯ ᠤᠨ ᠰᠡᠳᠬᠢᠯ ᠢ ᠨᠢᠬᠳᠠᠷᠠᠭᠤᠯᠤᠨ ᠬᠦᠴᠦ ᠶᠢ ᠬᠠᠮᠲᠤᠳᠬᠠᠬᠤ ᠳᠠᠯᠳᠠ ᠬᠦᠴᠦᠨ ᠢ ᠦᠷᠭᠦᠯᠵᠢᠯᠡᠨ ᠭᠦᠶᠴᠡᠳ ᠠᠭᠤᠳᠠᠯᠵᠤ᠂ ᠨᠡᠶᠢᠭᠡᠮ ᠲᠣᠭᠤᠷᠢᠭ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ    ᠠᠬᠢᠭᠤᠯᠤᠨ᠎ᠠ᠃  ︵ᠢᠷᠡᠯᠲᠡ᠄  ᠪᠠᠭᠠᠴᠤᠤᠯ ᠵᠠᠮ ᠵᠡᠭᠡᠯᠢ ᠭᠤᠳᠤᠮᠵᠢ     ᠨᠠᠶᠢᠷᠠᠭᠤᠯᠤᠭᠴᠢ᠄ ᠵᠣᠣ ᠶᠢᠨ  ᠹᠧᠩ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号