ᠡᠨᠡ ᠡᠳᠦᠷ ᠤᠨ ᠦᠳᠡ ᠶᠢᠨ ᠡᠮᠦᠨ᠎ᠡ᠂ ᠪᠤᠭᠤᠲᠤ ᠶᠢᠨ ᠭᠠᠯᠲᠤ ᠲᠡᠷᠭᠡᠨ ᠦᠷᠳᠡᠭᠡ ᠳᠤ ᠭᠤᠷᠪᠠᠨ ᠰᠠᠯᠠᠭ᠎ᠠ ᠮᠥᠴᠢᠷ ᠬᠠᠮᠲᠤᠷᠠᠵᠤ ᠁
ᠨᠡᠶᠢᠲᠡᠯᠡᠭᠰᠡᠨ ᠴᠠᠭ᠄
2023/12/6
    ᠬᠦᠮᠦᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠶᠢ ᠦᠷᠭᠡᠳᠭᠡᠬᠦ ᠶᠢᠨ ᠲᠥᠯᠥᠭᠡ᠂ 12 ᠰᠠᠷ᠎ᠠ ᠶᠢᠨ 2 ᠤᠨ ᠡᠳᠦᠷ᠂ ᠬᠥᠨᠳᠡᠯᠡᠨ ᠲᠣᠭᠤᠷᠢᠭ ︽ᠪᠣᠯᠪᠠᠰᠤᠨ ᠵᠠᠮ ᠬᠠᠷᠢᠯᠴᠠᠭ᠎ᠠ ᠲᠠ ᠪᠢᠳᠡ ᠬᠠᠮᠲᠤ ᠪᠠᠷ ᠲᠠᠪᠰᠢᠨ᠎ᠠ︾ ᠠᠷᠪᠠᠨ ᠬᠤᠶᠠᠳᠡᠬᠢ 122 ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠨ ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠳᠤᠮᠳᠠ᠂ ᠰᠠᠶᠢᠨ ᠳᠤᠷᠠᠴᠤᠳ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷ ᠠᠪᠤᠯᠭ᠎ᠠ ᠶᠢ ᠲᠠᠷᠬᠠᠭᠠᠬᠤ᠂ ᠲᠤᠬᠠᠶ ᠶᠢᠨ ᠲᠠᠯᠠᠪᠠᠶ ᠳᠤ ᠣᠯᠠᠨ ᠲᠦᠮᠡᠨ ᠤ ᠠᠰᠠᠭᠤᠨ ᠯᠠᠪᠯᠠᠭ᠎ᠠ ᠶᠢ    ᠬᠠᠷᠢᠭᠤᠯᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠸᠢᠳᠢᠤ᠋ ᠶᠢ ᠨᠡᠪᠲᠡᠷᠡᠭᠦᠯᠬᠦ᠂ ᠬᠡᠦᠬᠡᠳ ᠤᠨ ᠠᠮᠤᠷ ᠲᠦᠪᠰᠢᠨ ᠤ  ᠮᠠᠯᠠᠭᠠᠢ ᠶᠢ ᠲᠠᠷᠬᠠᠭᠠᠬᠤ ᠵᠡᠷᠭᠡ ᠬᠡᠯᠪᠡᠷᠢ ᠪᠠᠷ ᠳᠡᠮᠵᠢᠭᠤᠯᠤᠨ᠂ ᠨᠠᠰᠢ ᠴᠠᠰᠢ ᠶᠠᠪᠤᠭ᠎ᠠ ᠬᠦᠮᠦᠰ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠪᠡ᠃ ᠡᠭᠦᠨ ᠤ ᠬᠠᠮᠲᠤ ᠥᠷᠭᠡᠨ ᠣᠯᠠᠨ ᠲᠦᠮᠡᠨ ᠳᠤ᠂ ᠵᠠᠮ ᠬᠠᠷᠢᠯᠴᠠᠭᠠᠨ ᠤ ᠪᠣᠯᠪᠠᠰᠤᠨ ᠣᠷᠣᠯᠴᠠᠭᠴᠢ ᠪᠣᠯᠵᠣ᠂ ᠭᠠᠷ ᠬᠤᠯᠪᠣᠨ ᠬᠠᠮᠲᠤ ᠪᠠᠷ ᠲᠠᠪᠰᠢᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ᠂ ᠪᠣᠯᠪᠠᠰᠤᠨ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠮᠲᠤ ᠪᠠᠷ ᠪᠠᠶᠢᠭᠤᠯᠬᠤ ᠶᠢ ᠰᠠᠨᠠᠭᠠᠴᠢᠯᠠᠪᠠ᠃ ᠲᠣᠰ ᠡᠳᠦᠷ ᠨᠡᠶᠢᠲᠡ 50 ᠭᠠᠷᠤᠶ ᠠᠮᠤᠷ ᠲᠦᠪᠰᠢᠨ ᠤ ᠮᠠᠯᠠᠭᠠᠢ ᠲᠠᠷᠬᠠᠭᠠᠵᠤ᠂ 600 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃
    ᠲᠠᠷᠠᠭᠠᠴᠢ ᠶᠢᠨ ᠠᠯᠬᠤᠮ ᠳᠤ᠂ ᠬᠥᠨᠳᠡᠯᠡᠨ ᠲᠣᠭᠤᠷᠢᠭ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠭᠡᠨ ᠳᠡᠯᠭᠡᠷ ᠥᠷᠨᠢᠭᠦᠯᠵᠦ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠ ᠨᠡᠶᠢᠲᠡ ᠶᠢᠨ ᠠᠰᠠᠷᠠᠮᠵᠢ ᠶᠢᠨ ᠦᠶᠯᠡᠴᠢᠯᠡᠭᠡ ᠶᠢ ᠰᠢᠨ᠎ᠡ ᠶᠢ ᠡᠭᠦᠳᠦᠨ ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号