ᠵᠢᠩᠬᠢᠨᠢ ᠪᠠᠷ ᠡᠬᠢᠯᠡᠭᠦᠯᠦᠯ᠎ᠡ︕ ᠦᠷᠭᠦᠯᠵᠢᠯᠡᠨ ᠶᠠᠪᠤᠬᠳᠠᠭᠤᠯᠵᠤ ᠁
ᠨᠡᠶᠢᠲᠡᠯᠡᠭᠰᠡᠨ ᠴᠠᠭ᠄
2023/12/6
    ᠣᠶᠢᠷ᠎ᠠ ᠳᠤ᠂ 2023 ᠣᠨ ᠤ ᠪᠤᠭᠤᠲᠤ ᠬᠤᠲᠠ ᠶᠢᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠵᠢᠴᠢ ︽ᠬᠠᠤᠯᠢ ᠪᠠᠷ ᠤᠮᠳᠠᠯᠠᠬᠤᠢ ᠬᠥᠨᠳᠡᠯᠡᠨ ᠣᠯᠠᠨ ᠢᠶᠠᠷ ᠢᠶᠠᠨ ᠬᠤᠷᠠᠮᠳᠤᠭᠤᠯᠬᠤᠢ ᠬᠠᠤᠯᠢ ᠶᠢᠨ ᠬᠤᠷᠢᠶᠠᠩᠭᠤᠢ ᠨᠠᠮ ᠤᠨ ᠪᠠᠶᠢᠭᠤᠯᠤᠯᠲᠠ ᠶᠢᠨ ᠬᠤᠯᠪᠣᠭ᠎ᠠ︾ ᠶᠢᠨ ᠲᠥᠪᠯᠡᠷᠡᠬᠦᠯᠦᠨ ᠤᠬᠠᠭᠤᠯᠬᠤ ᠠᠵᠢᠯᠯᠠᠭ᠎ᠠ ᠬᠥᠨᠳᠡᠯᠡᠨ ᠲᠣᠭᠤᠷᠢᠭ ᠲᠤ ᠶᠠᠪᠤᠭᠳᠠᠪᠠ᠃
    ᠠᠵᠢᠯᠯᠠᠭ᠎ᠠ ᠳᠤᠮᠳᠠ᠂ ᠪᠤᠭᠤᠲᠤ ᠬᠤᠳᠠ ᠵᠢᠴᠢ ᠬᠥᠨᠳᠡᠯᠡᠨ ᠲᠣᠭᠤᠷᠢᠭ ᠤᠨ ᠬᠠᠤᠯᠢᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠲᠤᠬᠢᠷᠠᠭᠤᠯᠤᠨ ᠪᠠᠶᠢᠷᠢᠯᠠᠭᠤᠯᠵᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾᠂ ︽ᠬᠠᠤᠯᠢ ᠴᠠᠭᠠᠵᠠ ᠶᠢᠨ ᠮᠡᠷᠬᠡᠨ ᠬᠥᠮᠦᠨ︾ ᠤ ᠲᠥᠯᠥᠭᠡᠯᠡᠭᠴᠢ ᠬᠠᠮᠢᠶ᠎ᠠ ᠪᠥᠬᠦᠶ ᠠᠵᠢᠯ ᠤᠨ ᠲᠣᠭᠤᠷᠢᠨ ᠳᠤ ᠲᠤᠷᠰᠢᠯᠭ᠎ᠠ ᠪᠠᠨ ᠰᠣᠯᠢᠯᠴᠠᠪᠠ᠃ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠤᠭᠤᠷᠢᠭ ᠤᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠬᠡ ᠶᠢ ᠲᠦᠭᠡᠮᠡᠯᠵᠢᠭᠦᠯᠬᠦ ᠬᠠᠷᠢᠭᠤᠴᠠᠯᠭᠠᠲᠤ ᠨᠢᠭᠡᠴᠢ ᠦᠨᠳᠦᠰᠦᠨ ᠬᠠᠤᠯᠢ᠂ ᠥᠪᠡᠷᠲᠡᠭᠡᠨ ᠵᠠᠰᠠᠬᠤ ᠣᠷᠣᠨ ᠤ ᠵᠢᠷᠭᠤᠭᠠᠨ ᠢᠵᠢ ᠠᠬᠢᠭᠤᠯᠬᠤ ᠲᠦᠷᠢᠮ᠂ ᠨᠢᠭᠤᠴᠠ ᠶᠢ ᠬᠠᠮᠠᠭᠠᠯᠠᠬᠤ ᠬᠠᠤᠯᠢ ᠵᠡᠷᠭᠡ ᠬᠠᠤᠯᠢ ᠲᠣᠭᠲᠠᠭᠠᠯ ᠳᠤ ᠠᠩᠬᠠᠷᠤᠯ ᠢᠶᠠᠨ ᠲᠥᠪᠯᠡᠷᠡᠭᠦᠯᠦᠨ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠳᠤ 1300 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 15 ᠤᠳᠠᠭ᠎ᠠ ᠬᠦᠴᠢᠷ ᠲᠦᠪᠡᠭ ᠠᠰᠠᠭᠤᠳᠠᠯ ᠳᠤ ᠬᠠᠷᠢᠭᠤᠯᠲᠠ ᠥᠭᠴᠡᠶ᠃
    ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ       ᠭᠠᠷᠠᠭ︾ ᠤᠨ ᠠᠵᠢᠯᠯᠠᠭ᠎ᠠ 12 ᠰᠠᠷ᠎ᠠ ᠶᠢᠨ 7 ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃ ᠬᠥᠨᠳᠡᠯᠡᠨ ᠲᠣᠭᠤᠷᠢᠭ ᠤᠨ ᠬᠢᠨ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠢ ᠪᠠᠶᠢᠭᠤᠯᠤᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠢᠯᠡ ᠲᠣᠳᠣ ᠥᠪᠡᠷᠮᠢᠴᠡ ᠣᠨᠴᠠᠯᠢᠭ ᠲᠠᠢ᠂ ᠤᠯᠠᠨ ᠬᠡᠯᠪᠡᠷᠢ ᠶᠠᠩᠵᠤ ᠶᠢᠨ᠂ ᠪᠠᠶᠠᠯᠢᠭ ᠠᠭᠤᠯᠭ᠎ᠠ ᠪᠦᠬᠦᠢ ᠰᠦᠯᠵᠢᠶᠡᠨ    ᠳᠡᠭᠡᠷᠡᠬᠢ ᠪᠠ ᠠᠬᠤᠢ ᠲᠠᠯᠠᠪᠠᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃
     ᠣᠶᠢᠷ᠎ᠠ ᠶᠢᠨ ᠵᠢᠯ ᠤᠨ ᠲᠤᠷᠰᠢ᠂ ᠬᠥᠨᠳᠡᠯᠡᠨ ᠲᠣᠭᠤᠷᠢᠭ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠤᠷᠢᠳ ᠬᠤᠵᠢᠳ ᠪᠥᠬᠦ ᠤᠯᠤᠰ ᠤᠨ ᠬᠠᠤᠯᠢ    ᠴᠠᠭᠠᠵᠠ ᠶᠢᠨ ᠮᠡᠳᠡᠯᠬᠡ ᠶᠢ ᠲᠦᠭᠡᠮᠡᠯᠵᠢᠭᠦᠯᠬᠦ ᠲᠡᠷᠢᠭᠦᠨ ᠤ ᠨᠢᠭᠡᠴᠢ᠂ ᠪᠥᠬᠦ ᠤᠯᠤᠰ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠰᠠᠭᠤᠷᠢᠨ᠂ ᠪᠥᠬᠦ ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠲᠣᠭᠤᠷᠢᠭ ᠵᠢᠱᠢᠶ᠎ᠡ ᠦᠵᠡᠭᠦᠯᠬᠦ ᠨᠢᠭᠡᠴᠢ᠂ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ    ᠮᠡᠳᠡᠯᠬᠡ ᠶᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠶᠢᠨ ᠲᠡᠷᠢᠭᠦᠨ ᠤ ᠨᠢᠭᠡᠴᠢ᠂ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠵᠡᠷᠭᠡ ᠣᠯᠠᠨ ᠢᠷᠠᠭᠤ ᠠᠯᠳᠠᠷ ᠢ ᠭᠥᠷᠳᠡᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠠᠤᠯᠢᠵᠢᠯ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠪᠠ᠃ ︵ᠡᠬᠡ ᠪᠢᠴᠢᠭ ᠤᠨ ᠢᠷᠡᠯᠲᠡ᠄ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ    ᠳᠦᠷᠰᠦ ᠰᠢᠩᠭᠡᠭᠡᠯᠲᠡ᠄ ᠵᠠᠩ ᠯᠸᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号