ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠠᠷᠠᠳ ᠤᠯᠠᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠢᠯᠤᠭᠤᠳᠬᠠᠪᠠ
ᠨᠡᠶᠢᠲᠡᠯᠡᠭᠰᠡᠨ ᠴᠠᠭ᠄
2023/12/7
    ᠨᠢᠭᠡ ᠳᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ᠂ ᠸᠢᠴᠠᠲ ᠴᠤᠭᠯᠠᠷᠠᠯ ᠳᠡᠭᠡᠷ᠎ᠡ ᠪᠠ ᠰᠠᠨᠠᠯ ᠤᠨ ᠬᠠᠶᠢᠷᠴᠠᠭ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠶᠢᠲᠡ 210 ᠭᠠᠷᠤᠶ ᠵᠤᠷᠪᠤᠰ ᠴᠤᠭᠯᠠᠭᠤᠯᠵᠤ᠂ ᠵᠦᠪᠳᠡᠯᠴᠡᠵᠤ ᠬᠡᠷᠡᠭ ᠵᠥᠪᠯᠡᠬᠦ ᠠᠵᠢᠯᠯᠠᠭ᠎ᠠ ᠶᠢ 30 ᠭᠠᠷᠤᠶ ᠤᠳᠠᠭ᠎ᠠ ᠥᠷᠨᠢᠭᠦᠯᠵᠦ᠂ ᠰᠢᠶᠳᠪᠦᠷᠢᠯᠡᠬᠦ ᠴᠢᠬᠤᠯᠠᠲᠠᠶ ᠬᠡᠷᠡᠭ ᠶᠠᠪᠤᠳᠠᠯ ᠢ ᠤᠶᠤᠨᠲᠤ ᠬᠥᠨᠳᠡᠯᠡᠨ ᠲᠠᠪᠴᠠᠩ ᠳᠤ ᠳᠡᠭᠡᠭᠰᠢ ᠮᠡᠳᠡᠭᠦᠯᠵᠦ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠎ ᠳᠤ ᠲᠦᠷᠭᠡᠨ ᠬᠠᠷᠢᠭᠤ ᠲᠤᠰᠬᠠᠯ ᠭᠠᠷᠬᠤ ᠶᠢ ᠪᠡᠶᠡᠯᠡᠭᠦᠯᠪᠡ᠃ ᠬᠤᠶᠠᠷ ᠲᠤ᠂ ︽ᠪᠤᠭᠤᠳᠤ ᠬᠤᠳᠠ ᠶᠢᠨ ᠬᠤᠰᠢᠭᠤᠴᠢ︾ ᠤᠶᠤᠨᠲᠤ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂ ᠨᠡᠶᠢᠲᠡ 113 ᠵᠦᠶᠯ ᠤᠨ ᠡᠭᠦᠷᠭᠡ ᠶᠢ ᠨᠡᠶᠢᠲᠡᠯᠡᠵᠦ᠂ ᠣᠯᠠᠨ ᠲᠦᠮᠡᠨ ᠳᠤ 1.5 ᠲᠦᠮᠡ ᠭᠠᠷᠤᠶ ᠬᠥᠮᠦᠨ ᠤᠳᠠᠭ᠎ᠠ ᠳᠤ ᠦᠶᠯᠡᠴᠢᠯᠠᠵᠤ᠂ 110 ᠭᠠᠷᠤᠶ ᠬᠦᠴᠢᠷ ᠲᠦᠪᠡᠭᠲᠡᠶ ᠠᠰᠠᠭᠤᠳᠠᠯ ᠢ ᠰᠢᠶᠳᠪᠦᠷᠢᠯᠡᠨ᠂ 50 ᠭᠠᠷᠤᠶ ᠤᠳᠠᠭ᠎ᠠ ᠶᠢᠨ ᠵᠥᠷᠢᠴᠡᠯ ᠵᠢᠭᠤᠷᠠᠯᠳᠤᠭᠠᠨ ᠢ ᠰᠢᠶᠳᠪᠦᠷᠢᠯᠡᠪᠡ  ᠃ ︵ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号