ᠶᠢᠨ ᠶᠦᠩ ᠯᠢ ᠭᠤᠤᠯ ᠰᠡᠳᠦᠪᠲᠦ ᠬᠥᠮᠦᠵᠢᠯ ᠵᠢᠴᠢ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/12/8
    12 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠠᠨᠱᠠᠨ ᠵᠡᠭᠡᠯᠢ ᠭᠤᠳᠤᠮᠵᠢ ᠪᠣᠯᠤᠨ ᠠᠷᠠᠳ ᠵᠡᠭᠡᠯᠢ ᠭᠤᠳᠤᠮᠵᠢ ᠶᠢᠨ ᠬᠡᠰᠡᠭ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠪᠠ᠃      ᠭᠤᠣᠯ ᠰᠡᠳᠦᠪᠲᠦ ᠬᠥᠮᠦᠵᠢᠯ ᠢ ᠬᠢᠷᠢ ᠵᠡᠷᠭᠡ ᠥᠷᠨᠢᠭᠦᠯᠦᠭᠰᠡᠨ᠂ ᠤᠯᠠᠨ ᠲᠦᠮᠡᠨ ᠳᠤ ᠶᠠᠮᠠᠷ ᠶᠠᠮᠠᠷ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ᠂ ᠪᠠᠰᠠ ᠶᠠᠮᠠᠷ ᠶᠠᠮᠠᠷ ᠬᠦᠴᠢᠷ ᠠᠰᠠᠭᠤᠳᠠᠯ ᠣᠷᠣᠰᠢᠵᠤ ᠪᠠᠶᠢᠬᠤ ᠲᠤᠬᠠᠢ  ᠶᠢᠨ ᠶᠦᠩ ᠯᠢ ᠮᠠᠰᠢ ᠬᠠᠯᠠᠮᠵᠢᠯᠠᠵᠤ ᠪᠠᠶᠢᠯ᠎ᠠ᠃ ᠲᠡᠷᠡ ᠤᠷᠢᠳ ᠬᠤᠵᠢᠳ ᠠᠨᠱᠠᠨ ᠵᠡᠭᠡᠯᠢ ᠭᠤᠳᠤᠮᠵᠢ ᠶᠢᠨ ᠪᠦᠯᠬᠦᠮᠳᠠᠯ 12 ᠳ᠋ᠤᠭᠠᠷ ᠨᠡᠶᠢᠭᠡᠮ ᠲᠣᠭᠤᠷᠢᠭ᠂ ᠪᠦᠯᠬᠦᠮᠳᠠᠯ 9 ᠳ᠋ᠤᠭᠡᠷ ᠨᠡᠶᠢᠭᠡᠮ ᠲᠣᠭᠤᠷᠢᠭ ᠪᠣᠯᠤᠨ ᠠᠷᠠᠳ ᠵᠠᠮ ᠵᠡᠬᠡᠯᠢ ᠭᠤᠳᠤᠮᠵᠢ ᠶᠢᠨ ᠪᠦᠯᠬᠦᠮᠳᠠᠯ ᠨᠠᠢᠮᠠᠳᠤᠭᠠᠷ ᠰᠢᠨ ᠰᠢᠩ ᠢ ᠫᠢᠨ ᠨᠡᠶᠢᠭᠡᠮ ᠲᠣᠭᠤᠷᠢᠭ᠂ ᠵᠠᠯᠠᠭᠤᠰ ᠨᠠᠢᠮᠠᠳᠤᠭᠠᠷ ᠨᠡᠶᠢᠭᠡᠮ ᠲᠣᠭᠤᠷᠢᠭ ᠢᠶᠠᠷ ᠬᠦᠨᠵᠡᠭᠡᠶᠢᠷᠡᠨ᠂ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠨᠡᠶᠢᠭᠡᠮ ᠲᠣᠭᠤᠷᠢᠭ ᠤᠨ ᠺᠠᠳ᠋ᠷᠴᠤᠳ ᠲᠠᠢ ᠭᠦᠨᠵᠡᠭᠡᠢ ᠶᠠᠷᠢᠯᠴᠠᠨ ᠰᠣᠯᠢᠯᠴᠠᠵᠤ᠂ ᠲᠡᠳᠡᠨ ᠤ ᠪᠤᠳᠤᠯ ᠰᠠᠨᠠᠭᠤᠯᠭ᠎ᠠ ᠶᠢ ᠰᠣᠨᠣᠰᠴᠤ᠂ ᠭᠤᠣᠯ ᠰᠡᠳᠦᠪᠲᠦ ᠬᠥᠮᠦᠵᠢᠯ᠂ ᠨᠡᠶᠢᠭᠡᠮ ᠲᠣᠭᠤᠷᠢᠭ ᠤᠨ ᠵᠠᠰᠠᠯᠲᠠ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠬᠦᠳᠡᠯᠬᠡᠬᠡᠨ ᠬᠢᠬᠦ ᠲᠠᠯᠠᠪᠤᠷ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠤᠯᠠᠨ ᠤ ᠲᠤᠰᠬᠠᠬᠰᠠᠨ ᠠᠰᠠᠭᠤᠳᠠᠯ ᠪᠣᠯᠤᠨ ᠰᠠᠨᠠᠯ ᠰᠠᠨᠠᠭᠤᠯᠭ᠎ᠠ ᠶᠢ ᠬᠤᠷᠢᠶᠠᠨ ᠠᠪᠴᠤ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠨᠠᠶᠢᠳᠠᠪᠤᠷᠢᠵᠢᠭᠤᠯᠤᠯᠲᠠ ᠶᠢ ᠲᠦᠷᠭᠡᠨ ᠰᠠᠶᠢᠲᠤᠷ ᠠᠳᠬᠤᠬᠤ ᠬᠡᠷᠡᠭᠲᠡᠢ ᠭᠡᠵᠦ ᠵᠠᠬᠢᠪᠠ᠃        ᠶᠢᠨ ᠶᠦᠩ ᠯᠢ᠂ ᠨᠡᠶᠢᠭᠡᠮ ᠲᠣᠭᠤᠷᠢᠭ ᠪᠣᠯ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠪᠣᠯᠬᠤ ᠪᠥᠭᠡᠳ ᠪᠠᠰᠠ ᠤᠯᠠᠨ ᠲᠦᠮᠡᠨ ᠲᠠᠢ ᠬᠠᠷᠢᠯᠴᠠᠬᠤ ᠬᠤᠯᠪᠣᠭᠠᠰᠤ ᠪᠣᠯᠤᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢᠶᠠᠷ ᠦᠭᠡ ᠬᠡᠯᠡᠵᠦ᠂ ᠠᠷᠠᠳ ᠤᠯᠠᠨ ᠳᠤ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ ᠦᠨᠡᠨ ᠪᠣᠳᠠᠲᠠᠢ ᠬᠤᠪᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠤᠨ ᠢᠳᠡᠪᠬᠢᠵᠢᠯ ᠢ ᠭᠦᠢᠴᠡᠳ ᠲᠠᠶᠢᠴᠢᠯᠠᠵᠣ᠂ ᠠᠷᠠᠳ ᠲᠦᠮᠡᠨ ᠳᠤ ᠦᠢᠯᠡᠴᠢᠯᠡᠬᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠮᠵᠢ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠦᠢᠯᠡᠳᠦᠯ ᠴᠢᠳᠠᠮᠵᠢ ᠶᠢ ᠨᠡᠶᠢᠳᠬᠡᠬᠦ ᠶᠢ ᠴᠢᠩᠭᠠᠳᠬᠠᠵᠤ᠂ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠡᠬᠢ ᠪᠠᠶᠠᠯᠢᠭ᠂ ᠬᠠᠮᠢᠶᠠᠷᠤᠯᠲᠠ᠂ ᠦᠶᠯᠡᠴᠢᠯᠡᠭᠡ ᠶᠢ ᠲᠠᠰᠤᠷᠠᠯᠲᠠ ᠥᠬᠡᠶ ᠦᠨᠳᠦᠰᠦᠨ ᠱᠠᠲᠤ ᠲᠡᠶᠢᠰᠢ ᠬᠡᠯᠪᠠᠶᠢᠯᠭᠡᠬᠦ ᠶᠢ ᠢᠳᠡᠪᠬᠢᠲᠡᠶ ᠠᠬᠢᠭᠤᠯᠵᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠤᠯᠠᠨ ᠲᠦᠮᠡᠨ ᠤ ᠲᠦᠪᠡᠭᠳᠡᠵᠦ    ᠪᠠᠶᠢᠭ᠎ᠠ   ᠭᠠᠴᠢᠬᠳᠠᠵᠤ   ᠪᠠᠶᠢᠭ᠎ᠠ    ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠲᠡᠷᠢᠭᠦᠨ ᠳᠤ ᠲᠠᠯᠪᠢᠵᠤ᠂ ︽ ᠯᠠᠪᠳᠡᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ︾ ᠪᠠᠷ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ︽ᠤᠯᠠᠨ ᠲᠦᠮᠡᠨ ᠬᠠᠨᠤᠮᠵᠢᠲᠠᠢ ᠪᠠᠶᠢᠬᠤ︾ ᠶᠢ ᠦᠨᠳᠦᠰᠦᠨ ᠱᠠᠲᠤᠨ ᠤ ᠵᠠᠰᠠᠯᠲᠠ ᠶᠢᠨ ︽ᠬᠠᠮᠤᠭ ᠤᠨ ᠴᠢᠬᠤᠯᠠ ᠲᠡᠪᠢᠰᠭᠡᠷ ᠦᠩᠭᠡ︾ ᠪᠣᠯᠭᠠᠬᠤ ᠬᠡᠷᠡᠭᠲᠡᠢ ᠭᠡᠵᠡᠢ  ᠃       ᠲᠤᠭᠤᠷᠢᠭ ᠤᠨ ᠤᠳᠤᠷᠢᠳᠤᠯᠭ᠎ᠠ ᠵᠧᠤ ᠰᠢᠤᠸᠠᠢ ᠯᠢᠶᠠᠩ᠂ ᠢᠦᠶ ᠷᠦᠢ ᠴᠢᠩ ᠵᠢᠴᠢ ᠬᠠᠮᠢᠶ᠎ᠠ ᠪᠦᠬᠦᠢ ᠵᠡᠭᠡᠯᠢ ᠭᠤᠳᠤᠮᠵᠢ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠤᠸᠠᠢ    ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号