12 ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ | ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | | ᠲᠤᠭᠤᠷᠢᠭ ᠤᠨ ᠤᠳᠤᠷᠢᠳᠤᠯᠭ᠎ᠠ ᠯᠢ ᠵᠦᠩ᠂ ᠢᠦᠢ ᠷᠦᠢ ᠴᠢᠩ᠂ ᠶᠠᠩ ᠶᠦᠩ᠂ ᠸᠠᠩ ᠰᠢᠤ ᠵᠢᠤᠸᠠᠨ | ᠬᠤᠷᠠᠯ ᠳᠤ ᠣᠷᠣᠯᠴᠠᠪᠠ᠃ | ᠶᠢᠨ ᠶᠦᠩ ᠯᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ | ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠠ ᠵᠠᠰᠠᠯᠲᠠ ᠶᠢ ᠪᠣᠳᠠᠲᠠᠢ ᠰᠠᠶᠢᠲᠤᠷ ᠠᠳᠬᠤᠵᠤ᠂ ᠳᠡᠭᠡᠳᠦ ᠱᠠᠲᠤᠨ ᠤ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠡᠷᠡᠰ ᠪᠡᠶᠡᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ | ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ | ᠪᠠᠲᠤᠲᠠᠢ ᠰᠠᠶᠢᠲᠤᠷ ᠵᠠᠮᠨᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠠᠵᠢᠯ ᠤᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠪᠣᠯᠤᠨ ᠪᠠᠭᠤᠷᠠᠢ ᠲᠠᠯ᠎ᠠ ᠪᠠᠨ ᠨᠠᠷᠢᠨ ᠬᠢᠨᠠᠮᠠᠭᠠᠢ ᠡᠷᠢᠵᠦ᠂ ᠵᠦᠢᠯ ᠵᠤᠷᠪᠤᠰ | ᠳᠠᠷᠠᠭᠠᠯᠠᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ | ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠴᠡᠭᠴᠡᠯᠡᠨ ᠰᠠᠶᠢᠵᠢᠷᠠᠭᠤᠯᠬᠤ ᠠᠵᠢᠯ ᠤᠨ ︽ᠡᠷᠬᠢᠨ ᠬᠠᠷᠠᠬᠤ︾ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ | ᠬᠡᠷᠡᠭᠲᠡᠶ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠦᠷᠢᠮ ᠲᠣᠭᠲᠠᠭᠠᠯ | ᠲᠣᠭᠲᠠᠭᠠᠬᠤ ᠶᠢ ᠦᠷᠭᠦᠯᠵᠢᠯᠡᠨ ᠠᠬᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ | ᠠᠮᠢ ᠠᠬᠤᠶ ᠶᠢᠨ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ | ᠭᠡᠵᠡᠢ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ ᠬᠢᠨᠠᠨ ᠬᠠᠷᠭᠤᠭᠤᠯᠤᠬᠰᠠᠨ ᠨᠢ ᠄ ᠲᠣᠭᠤᠷᠢᠭ ᠤᠨ | ᠨᠠᠮ ᠤᠨ ᠬᠤᠷᠢᠶᠠᠨ ᠤ ᠠᠯᠪᠠᠨ ᠬᠡᠷ︶ |