ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠢᠮᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/1
   12 ᠰᠠᠷ᠎ᠠ ᠶᠢᠨ 28 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠢᠮᠠᠳᠤᠭᠠᠷ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ ᠵᠢᠴᠢ ᠭᠡᠰᠢᠭᠦᠨ 17 ᠬᠥᠮᠦᠨ ᠬᠤᠷᠠᠯ ᠳᠤ ᠣᠷᠣᠯᠴᠠᠵᠤ᠂ ᠯᠢ ᠵᠢᠶᠦ᠋ᠨ᠂ ᠬᠤ᠋ ᠰᠢᠶᠠ ᠲᠤᠰ ᠲᠤᠰ ᠠᠩᠬᠠᠳᠤᠭᠠᠷ ᠪᠦᠬᠦᠳᠡ ᠬᠤᠷᠠᠯ ᠪᠣᠯᠤᠨ ᠬᠤᠶᠠᠳᠤᠭᠠᠷ ᠪᠦᠬᠦᠳᠡ ᠬᠤᠷᠠᠯ ᠢ ᠡᠷᠬᠢᠯᠡᠪᠡ᠃
     ᠲᠣᠭᠤᠷᠢᠭ ᠤᠨ ᠳᠡᠳ᠋ ᠳᠠᠷᠤᠭ᠎ᠠ ᠸᠠᠩ ᠰᠢᠤ ᠵᠢᠤᠸᠠᠨ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᠯᠢ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢᠦ ᠵᠢᠶᠦ᠋ᠩ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠬᠥᠨᠳᠡᠯᠡᠨ ᠲᠣᠭᠤᠷᠢᠭ ᠤᠨ 2022 ᠣᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ᠡᠬᠡ ᠨᠤᠤᠷᠠᠭ︶ ᠤᠨ ᠲᠤᠬᠠᠶ ᠮᠡᠳᠡᠭᠦᠯᠦᠯᠲᠡ᠂ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠮᠡᠳᠡᠭᠦᠯᠦᠯᠲᠡ ︵ᠲᠦᠰᠦᠯ︶ ᠵᠢᠴᠢ ᠠᠵᠢᠯᠲᠠᠨ ᠢ ᠲᠣᠮᠢᠯᠠᠵᠤ ᠪᠠᠭᠤᠯᠭᠠᠬᠤ ᠬᠠᠮᠢᠶ᠎ᠠ ᠪᠥᠬᠦᠶ ᠵᠦᠶᠯᠡᠰ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠴᠤ ᠬᠢᠨᠠᠨ ᠵᠥᠪᠯᠡᠪᠡ᠃    ᠬᠤᠷᠠᠯ ᠠᠴᠠ ︽ᠬᠥᠨᠳᠡᠯᠡᠨ ᠲᠣᠭᠤᠷᠢᠭ ᠤᠨ 2022 ᠣᠨ ᠤ ᠲᠥᠰᠦᠪ ᠤᠨ ᠲᠤᠬᠢᠷᠠᠭᠤᠯᠤᠯᠳᠠ ᠶᠢᠨ ᠲᠥᠰᠦᠯ ᠢ ᠵᠥᠪᠰᠢᠶᠡᠷᠡᠬᠦ ᠲᠤᠬᠠᠢ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ ︵ ᠲᠦᠰᠦᠯ︶︾ ᠂ ︽ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠣᠭᠲᠠᠭᠠᠯ ︵ᠲᠥᠰᠦᠯ︶︾᠂ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠥᠪᠯᠡᠬᠦ ᠵᠦᠶᠯ ︵ᠲᠥᠰᠦᠯ︶᠂ ᠡᠳᠦᠷ ᠤᠨ ᠳᠠᠷᠠᠭᠠᠯᠠᠯ ︵ᠲᠥᠰᠦᠯ︶᠂ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ ︵ᠲᠥᠰᠦᠯ︶᠂ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ ︵ᠲᠥᠰᠦᠯ︶᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ ︵ᠲᠥᠰᠦᠯ︶᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠬᠠᠮᠤᠭ ᠤᠨ ᠡᠴᠦᠰ ᠤᠨ ᠴᠠᠭ ᠤᠨ ᠬᠢᠵᠠᠭᠠᠷ ᠤᠨ ᠲᠤᠬᠠᠢ ᠲᠣᠭᠲᠠᠭᠠᠯ ︵ᠲᠥᠰᠦᠯ︶᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠪᠦᠷᠢᠯᠳᠦᠬᠦᠨ ᠤ ᠨᠡᠷᠡᠰ ︵ᠲᠥᠰᠦᠯ︶᠂ ᠰᠤᠯᠠ ᠣᠷᠣᠯᠴᠠᠭᠰᠠᠳ ᠤᠨ ᠨᠡᠷᠡᠰ ︵ᠲᠥᠰᠦᠯ︶᠂ ᠪᠦᠯᠬᠦᠮ ᠤᠨ ᠳᠠᠷᠤᠭ᠎ᠠ  ᠪᠦᠯᠬᠦᠮ ᠤᠨ ᠳᠡᠳ᠋  ᠳᠠᠷᠤᠭ᠎ᠠ ᠶᠢᠨ ᠨᠡᠷᠡᠰ ︵ᠲᠥᠰᠦᠯ︶᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠦᠭᠴᠦ ᠲᠣᠭᠲᠠᠭᠠᠬᠤ ᠠᠷᠭ᠎ᠠ ︵ᠲᠥᠰᠦᠯ︶᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠬᠢᠨᠠᠯᠲᠠ ᠲᠠᠯᠪᠢᠬᠤ ᠠᠵᠢᠯ ᠤᠨ ᠲᠤᠰᠬᠠᠢ ᠠᠵᠢᠯ ᠤᠨ ᠮᠡᠳᠡᠭᠦᠯᠦᠯᠲᠡ ︵ᠲᠥᠰᠦᠯ︶᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠤᠯᠳᠠ ︵ ᠲᠦᠰᠦᠯ︶ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠰᠦᠨ ᠫᠢᠩ᠂ ᠮᠠ ᠯᠢ ᠨᠠ᠂ ᠯᠢ ᠭᠤᠸᠠᠩ ᠵᠢᠶᠦ᠋ᠨ ᠤ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠲᠤᠬᠠᠢ ᠪᠠᠳᠤᠯᠠᠪᠠ᠃         ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠤᠯᠪᠣᠭᠳᠠᠯ ᠪᠥᠬᠦᠶ ᠵᠦᠶᠯᠡᠰ ᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠭᠠᠢ ᠢᠦᠶ ᠶᠢ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠬᠤ ᠪᠠᠷ ᠲᠣᠭᠲᠠᠭᠠᠵᠤ᠂ ᠵᠠᠩ ᠬᠤᠸᠠ ᠶᠢ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠰᠠᠨ ᠪᠢᠴᠢᠭ ᠭᠠᠷᠳᠠᠭᠤᠯᠪᠠ᠃ ︵ᠰᠤᠷᠪᠤᠯᠵᠢᠯᠠᠭᠴᠢ᠄ ᠯᠢᠦ ᠬᠤᠢ ᠰᠢᠤᠸᠠᠨ   ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号