ᠲᠢᠶᠠᠨ ᠬᠤᠩ ᠴᠧᠩ ᠨᠡᠶᠢᠭᠡᠮ ᠤᠨ ᠵᠠᠰᠠᠯᠲᠠ ᠵᠢᠴᠢ ᠨᠡᠶᠢᠭᠡᠮ ᠤᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/10
     2 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂  ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠮᠠᠨ ᠤ ᠲᠤᠭᠤᠷᠢᠭ ᠤᠨ ᠨᠡᠶᠢᠭᠡᠮ ᠤᠨ ᠵᠠᠰᠠᠯᠲᠠ ᠵᠢᠴᠢ ᠨᠡᠶᠢᠭᠡᠮ ᠤᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
     ᠠᠷᠠᠳ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠥᠪ ᠲᠤ᠂ ᠲᠢᠶᠠᠨ ᠬᠤᠩ ᠴᠧᠩ ᠲᠤᠰ ᠲᠥᠪ ᠤᠨ ᠴᠢᠳᠠᠮᠵᠢᠳᠤ ᠲᠠᠰᠤᠭ ᠤᠨ ᠲᠣᠬᠢᠷᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠭᠠᠵᠠᠷ᠂ ᠠᠮᠤᠷ ᠢ ᠬᠠᠮᠠᠭᠠᠯᠠᠬᠤ ᠵᠢᠴᠢ ᠲᠤᠤᠷᠵᠢᠭᠤᠯᠤᠯᠳᠠ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠣᠳᠣᠬᠠᠨ ᠤ ᠨᠡᠶᠢᠭᠡᠮ ᠤᠨ ᠵᠠᠰᠠᠯᠲᠠ ᠵᠢᠴᠢ ᠨᠡᠶᠢᠭᠡᠮ ᠤᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ  ᠪᠤᠳᠤᠯ ᠰᠠᠨᠠᠯ ᠢᠶᠠᠨ ᠰᠣᠯᠢᠯᠴᠠᠨ ᠶᠠᠷᠢᠯᠴᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠰᠠᠨᠠᠯ ᠳᠤᠷᠠᠳᠴᠠᠢ᠃ ᠲᠢᠶᠠᠨ ᠬᠤᠩ ᠴᠧᠩ᠂ ︽ᠵᠡᠭᠡᠯᠢ ᠭᠤᠳᠤᠮᠵᠢ ᠠᠰᠠᠭᠤᠳᠠᠯ ᠢ ᠵᠢᠭᠠᠵᠤ ᠭᠠᠷᠭᠠᠪᠠᠯ᠂ ᠰᠠᠯᠠᠭ᠎ᠠ ᠮᠥᠴᠢᠷ ᠨᠡᠷ᠎ᠡ ᠮᠡᠳᠡᠭᠦᠯᠵᠤ ᠰᠢᠢᠳᠪᠦᠷᠢᠯᠡᠬᠦ︾ ᠠᠵᠢᠯ ᠤᠨ ᠲᠣᠭᠲᠠᠴᠠ ᠶᠢ ᠴᠢᠩᠭ᠎ᠠ ᠵᠢᠷᠤᠮᠯᠠᠨ᠂ ᠬᠠᠷᠢᠶ᠎ᠠ ᠣᠷᠣᠨ ᠤ ᠡᠬᠢ ᠪᠠᠶᠠᠯᠢᠭ ᠢ ᠲᠠᠰᠤᠷᠠᠯᠲᠠ ᠥᠬᠡᠶ ᠨᠡᠶᠢᠳᠬᠡᠵᠦ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠢᠳᠡᠪᠬᠢᠲᠡᠶ ᠠᠬᠢᠭᠤᠯᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠴᠢᠷᠮᠠᠶᠢᠨ ᠡᠬᠦᠳᠴᠦ᠂ ᠬᠤᠲᠠ ᠶᠢᠨ ᠦᠨᠳᠦᠰᠦᠨ ᠱᠠᠲᠤᠨ ᠤ ᠬᠤᠲᠠ ᠶᠢᠨ ᠪᠦᠬᠦ ᠬᠡᠪᠴᠢᠶᠡᠨ ᠤ ᠵᠠᠰᠠᠯᠲᠠ ᠶᠢᠨ ᠠᠵᠢᠯ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠡᠭᠦᠨ ᠤ ᠵᠠᠰᠠᠯᠲᠠ ᠶᠢ ᠴᠢᠩᠭᠠᠳᠬᠠᠬᠤ᠂ ᠬᠦᠴᠦᠨ ᠴᠢᠳᠠᠯ ᠢ ᠨᠢᠭᠲᠠᠷᠠᠭᠤᠯᠬᠤ᠂ ᠠᠷᠠᠳ ᠲᠦᠮᠡᠨ ᠳᠤ ᠦᠶᠯᠡᠴᠢᠯᠡᠬᠦ ᠴᠢᠳᠠᠮᠵᠢ ᠪᠠ ᠦᠶᠯᠡᠳᠦᠯ ᠢ ᠭᠦᠶᠴᠡᠳ ᠪᠠᠳᠠᠷᠠᠭᠤᠯᠵᠤ᠂ ᠦᠶᠯᠡᠴᠢᠯᠡᠭᠡᠨ ᠤ ᠬᠡᠪᠴᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠤ ᠵᠤᠪᠠᠨᠢᠵᠤ ᠬᠦᠰᠡᠵᠤ ᠪᠠᠶᠢᠭ᠎ᠠ︾  ᠠᠰᠠᠭᠤᠳᠠᠯ ᠢ ᠦᠨᠡᠨ ᠬᠦ ᠰᠢᠶᠳᠪᠦᠷᠢᠯᠡᠬᠦ ᠬᠡᠷᠡᠭᠲᠡᠶ᠃ ᠡᠯ᠎ᠡ ᠵᠡᠭᠡᠯᠢ ᠭᠤᠳᠤᠮᠵᠢ ᠪᠠᠯᠭᠠᠰᠤ᠂ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠬᠠᠤᠯᠢ ᠬᠡᠷᠡᠭᠵᠢᠭᠦᠯᠬᠦ ᠳᠤᠮᠳᠠ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠶᠡᠷᠦᠩᠬᠡᠶᠢᠯᠡᠭᠰᠡᠨ ᠵᠠᠰᠠᠯᠳᠠ ᠶᠢᠨ ᠠᠵᠢᠯ ᠤᠨ ᠺᠠᠳ᠋ᠷ᠂ ᠲᠣᠣᠷᠵᠢᠭᠤᠯᠤᠯᠳᠠ ᠶᠢᠨ ᠬᠠᠮᠢᠶᠠᠷᠤᠯᠲᠠ ᠶᠢᠨ ᠠᠵᠢᠯᠲᠠᠨ ᠵᠡᠷᠭᠡ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠵᠢᠭᠦᠯᠦᠨ ᠪᠠᠳᠠᠷᠠᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠥᠪ ᠤᠨ ᠠᠵᠢᠯᠯᠠᠭᠠᠨ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠠᠯ᠎ᠠ ᠪᠠᠷ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠬᠤ ᠪᠠᠷ ᠬᠦᠴᠦᠯᠡᠵᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠪᠦᠬᠦ ᠲᠠᠯ᠎ᠠ ᠪᠠᠷ ᠡᠭᠦᠳᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ ᠵᠤᠯᠭᠠᠯᠴᠠᠬᠤ ᠪᠠᠨ ᠴᠢᠩᠭᠠᠳᠬᠠᠵᠤ᠂ ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠡᠬᠢ ᠪᠠᠶᠠᠯᠢᠭ ᠤᠨ ᠳᠠᠪᠠᠭᠤᠯᠢᠭ ᠢ ᠤᠯᠠᠮ ᠨᠢᠭᠡ ᠠᠯᠬᠤᠮ ᠨᠡᠶᠢᠳᠬᠡᠵᠤ᠂ ᠱᠠᠯᠠᠪᠳᠠᠭᠤᠯᠤᠨ ᠬᠦᠢᠴᠡᠳᠬᠡᠯᠬᠡᠬᠦ ᠠᠰᠠᠭᠤᠳᠠᠯ ᠢ ᠰᠢᠯᠵᠢᠬᠦᠯᠦᠨ ᠬᠦᠷᠬᠡᠬᠦ ᠶᠢᠨ ᠬᠠᠮᠲᠤ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠬᠤ ᠬᠡᠷᠡᠭᠲᠡᠶ᠃ ᠥᠨᠳᠥᠷ ᠪᠦᠲᠦᠮᠵᠢᠲᠡᠶ᠂ ᠲᠦᠷᠭᠡᠨ ᠤᠶᠤᠨᠳᠤ ᠬᠥᠨᠳᠡᠯᠡᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠣᠭᠠᠴᠢᠯᠠᠭᠰᠠᠨ ᠮᠡᠷᠭᠡᠵᠢᠯ ᠤᠨ ᠬᠤᠲᠠ ᠶᠢᠨ ᠵᠠᠰᠠᠯᠲᠠ᠂ ᠣᠯᠠᠨ ᠨᠡᠶᠢᠲᠡ ᠶᠢᠨ ᠦᠶᠯᠡᠴᠢᠯᠡᠭᠡ ᠳᠠᠬᠢ ᠰᠢᠨ᠎ᠡ ᠦᠵᠡᠭᠳᠡᠯ ᠪᠠᠶᠢᠳᠠᠯ᠂ ᠰᠢᠨ᠎ᠡ ᠬᠡᠷᠡᠭᠯᠡᠬᠡᠨ ᠢ ᠦᠷᠭᠦᠯᠵᠢᠯᠡᠨ ᠰᠦᠪᠡᠭᠴᠢᠯᠡᠵᠦ᠂ ᠬᠤᠲᠠ ᠶᠢᠨ ᠪᠦᠬᠦ ᠬᠡᠪᠴᠢᠶᠡᠨ ᠤ ᠵᠠᠰᠠᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠵᠦ᠂ ᠲᠣᠭᠠᠴᠢᠯᠠᠭᠰᠠᠨ ᠣᠶᠤᠨᠴᠢ ᠴᠢᠳᠠᠪᠤᠷᠢ ᠪᠠᠷ ᠨᠡᠶᠢᠭᠡᠮ ᠤᠨ ᠵᠠᠰᠠᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠬᠡᠵᠤ    ᠴᠢᠬᠤᠯᠠᠴᠢᠯᠠᠪᠠ᠃      ᠲᠤᠭᠤᠷᠢᠭ ᠤᠨ ᠤᠳᠤᠷᠢᠳᠤᠯᠭ᠎ᠠ ᠵᠣᠣ ᠲᠠᠢ ᠰᠢᠶᠠᠨ᠂ ᠭᠤᠤ ᠮᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ᠄ ᠵᠣᠣ ᠶᠢᠨ ᠹᠧᠩ    ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号