ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠰᠦᠳᠦᠭᠡᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/10
    2 ᠰᠠᠷ᠎ᠠ ᠶᠢᠨ 8 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠰᠦᠳᠦᠭᠡᠷ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ ᠵᠢᠴᠢ ᠭᠡᠰᠢᠭᠦᠳ 24 ᠬᠥᠮᠦᠨ ᠬᠤᠷᠠᠯ ᠳᠤ ᠣᠷᠣᠯᠴᠠᠵᠤ᠂ ᠬᠤ᠋ ᠰᠢᠶᠠ ᠬᠤᠷᠠᠯ ᠢ ᠡᠷᠬᠢᠯᠡᠪᠡ᠃
    ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠠᠢ ᠶᠦᠨ ᡂᠢ᠂ ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠢ᠃     ᠬᠤᠷᠠᠯ ᠠᠴᠠ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠮᠡᠳᠡᠭᠦᠯᠦᠯᠲᠡ ︵ᠲᠥᠰᠦᠯ︶ ᠶᠢ ᠰᠣᠨᠣᠰᠴᠤ ᠬᠢᠨᠠᠨ ᠵᠥᠪᠯᠡᠵᠦ᠂ ᠸᠧᠶ ᠵᠢᠶᠦ᠋ᠨ᠂ ᠭᠤᠤ ᠯᠸᠢ᠂ ᠯᠢᠶᠠᠩ ᠸᠧᠶ ᠶᠢᠨ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠵᠦᠪᠰᠢᠶᠡᠷᠡᠵᠤ ᠪᠠᠲᠤᠯᠠᠪᠠ᠃    ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠠᠮᠢᠶ᠎ᠠ ᠪᠥᠬᠦᠶ ᠵᠦᠶᠯᠡᠰ ᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠯᠢ ᠬᠤᠩ ᠢᠦᠶ ᠶᠢ ᠲᠣᠭᠤᠷᠢᠭ ᠤᠨ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠰᠠᠨ ᠪᠢᠴᠢᠭ ᠭᠠᠷᠳᠠᠭᠤᠯᠪᠠ᠃ ︵ᠰᠤᠷᠪᠤᠯᠵᠢᠯᠠᠭᠴᠢ᠄ ᠯᠢᠦ ᠬᠤᠢ ᠰᠢᠤᠸᠠᠨ   ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号