ᠶᠢᠨ ᠶᠦᠩ ᠯᠢ ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠪᠥᠬᠦ ᠲᠤᠭᠤᠷᠢᠭ ᠤᠨ 2023 ᠣᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠤᠬᠠᠢ ᠰᠤᠳᠤᠯᠪᠠ
ᠨᠡᠶᠢᠲᠡᠯᠡᠭᠰᠡᠨ ᠴᠠᠭ᠄
2023/2/11
   2 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ 2023 ᠣᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠰᠤᠳᠤᠯᠪᠠ᠃    ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠶᠢᠨ ᠶᠦᠩ ᠯᠢ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠪᠣᠯ ᠰᠠᠭᠤᠷᠢ ᠶᠢ ᠲᠠᠯᠪᠢᠬᠤ᠂ ᠠᠯᠤᠰ ᠬᠡᠲᠦ ᠳᠤ ᠠᠰᠢᠭᠲᠠᠶ ᠰᠢᠰᠲ᠋ᠧᠮᠲᠦ ᠢᠨᠵᠧᠨᠧᠷᠢᠩ ᠮᠥᠨ᠂ ᠬᠤᠲᠠ ᠶᠢᠨ ᠬᠥᠭᠵᠢᠯᠲᠡ ᠶᠢᠨ ᠲᠠᠰ ᠴᠢᠳᠠᠪᠤᠷᠢ ᠶᠢ ᠳᠡᠭᠡᠭᠰᠢᠯᠡᠭᠦᠯᠬᠦ᠂ ᠣᠯᠠᠨ ᠲᠦᠮᠡᠨ ᠤ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠬᠡᠴᠢ ᠬᠥᠮᠦᠨ ᠢᠶᠠᠷ ᠦᠨᠳᠦᠰᠦ ᠪᠣᠯᠭᠠᠬᠤ ᠤᠶᠢᠯᠠᠭᠠᠬᠳᠠᠬᠤᠨ ᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ᠂ ᠬᠠᠮᠢᠶᠠᠷᠤᠯᠲᠠ ᠵᠡᠷᠭᠡ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠵᠤ᠂ ᠰᠢᠰᠲ᠋ᠧᠮ ᠲᠠᠢ ᠲᠥᠯᠥᠪᠵᠢᠭᠦᠯᠵᠦ᠂ ᠨᠠᠷᠢᠨ ᠨᠢᠮᠪᠠᠶ ᠠᠵᠢᠯᠯᠠᠨ᠂ ᠨᠢᠬᠳᠠ ᠠᠴᠠ ᠨᠢᠬᠳᠠ ᠤᠷᠤᠵᠤ᠂ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠬᠡᠷᠡᠭᠲᠡᠶ ᠬᠡᠪᠡ᠃      ᠶᠢᠨ ᠶᠦᠩ ᠯᠢ᠂ ᠠᠵᠢᠯ ᠤᠨ ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠢᠭᠰᠠᠭᠠᠵᠤ᠂ ᠴᠢᠳᠠᠯ ᠤᠨ ᠢᠶᠠᠨ ᠬᠢᠷᠢ ᠪᠠᠷ ᠬᠢᠬᠦ᠂ ᠤᠷᠢᠳ ᠢᠶᠠᠷ ᠶᠠᠭᠠᠷᠠᠵᠤ ᠳᠠᠷᠠᠭ᠎ᠠ ᠨᠢ ᠯᠠᠪᠳᠠᠭᠤᠨ ᠤᠷᠤᠬᠤ ᠶᠢ ᠪᠠᠷᠢᠮᠲᠠᠯᠠᠵᠤ᠂ ᠲᠤᠰᠬᠠᠶ ᠬᠥᠮᠦᠨ ᠢᠶᠠᠷ ᠪᠦᠷᠢᠯᠳᠦᠭᠰᠡᠨ ᠲᠤᠰᠬᠠᠶ ᠠᠩᠭᠢ ᠶᠢ ᠪᠠᠶᠢᠭᠤᠯᠵᠤ ᠲᠥᠷᠥᠯ ᠵᠦᠶᠯ ᠤᠨ ᠲᠥᠯᠥᠪᠵᠢᠭᠦᠯᠭᠡ᠂ ᠭᠠᠵᠠᠷ ᠰᠢᠷᠦᠢ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠪᠠᠯᠠ ᠮᠥᠩᠭᠦ ᠶᠢᠨ ᠢᠷᠡᠯᠲᠡ ᠵᠡᠷᠭᠡ ᠶᠢ ᠨᠢᠬᠳᠠ ᠴᠢᠩᠭ᠎ᠠ ᠮᠦᠷᠳᠡᠨ ᠠᠩᠬᠠᠷᠴᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠲᠠ ᠶᠢᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠡᠭᠦᠳᠡᠨ ᠠᠴᠠ ᠡᠭᠦᠰᠴᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠵᠠᠬ᠎ᠠ ᠳᠡᠯᠭᠡᠭᠦᠷᠴᠢᠯᠡᠬᠦ ᠰᠢᠨ᠎ᠡ ᠵᠠᠭᠪᠤᠷ ᠢ ᠰᠦᠪᠡᠭᠴᠢᠯᠡᠵᠦ᠂ ᠳᠡᠭᠡᠳᠦ ᠱᠠᠲᠤᠨ ᠤ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠵᠠᠮ ᠬᠠᠷᠢᠯᠴᠠᠭᠠᠨ ᠤ ᠲᠤᠤᠷ ᠬᠤᠭᠤᠯᠠᠶ ᠶᠢᠨ ᠲᠤᠤᠷ ᠤᠨ ᠪᠥᠲᠥᠭᠡᠨ ᠪᠠᠶᠢᠭᠤᠯᠤᠯᠲᠠ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠬᠤ᠂ ᠵᠢᠵᠢᠭ ᠵᠡᠭᠡᠯᠢ ᠭᠤᠳᠤᠮᠵᠢ ᠶᠢ ᠰᠡᠯᠪᠢᠨ ᠨᠦᠬᠦᠪᠦᠷᠢᠯᠡᠬᠦ᠂ ︽ᠮᠤᠬᠤᠷ ᠵᠠᠮ︾ ᠢ ᠨᠡᠪᠲᠡᠷᠡᠭᠦᠯᠬᠦ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠡᠷᠲᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠶ᠃ ᠠᠷᠠᠳ ᠣᠯᠠᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠲᠠᠢ ᠤᠶᠠᠯᠳᠤᠭᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ᠂ ᠬᠤᠲᠠ ᠶᠢᠨ ᠭᠡᠷᠡᠯᠲᠦᠭᠦᠯᠭᠡ᠂ ᠣᠨᠴᠠᠯᠢᠭᠲᠤ ᠵᠡᠭᠡᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠂ ᠬᠤᠲᠠ ᠶᠢᠨ ᠥᠩᠭᠡ  ᠦᠵᠡᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠣᠯᠠᠨ ᠤ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ᠃ ᠰᠣᠳᠣᠨ ᠪᠦᠲᠦᠭᠡᠯ ᠤᠨ ᠰᠡᠳᠬᠢᠬᠦᠢ ᠶᠢ ᠪᠤᠢ ᠪᠣᠯᠭᠠᠵᠤ᠂ ᠥᠨᠳᠥᠷ ᠪᠠᠷᠢᠮᠵᠢᠶ᠎ᠠ ᠥᠨᠳᠥᠷ ᠱᠠᠭᠠᠷᠳᠠᠯᠭ᠎ᠠ ᠪᠠᠷ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠢ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢᠶᠠᠷ ᠬᠤᠳᠠ ᠶᠢᠨ ᠬᠥᠭᠵᠢᠯᠲᠡ ᠳᠤ ᠰᠢᠨ᠎ᠡ ᠠᠷᠭ᠎ᠠ ᠵᠠᠮ ᠢ ᠨᠡᠭᠡᠭᠡᠵᠦ᠂ ᠰᠢᠨ᠎ᠡ ᠬᠥᠳᠡᠯᠭᠡᠬᠦ ᠡᠨᠧᠷᠭᠢ ᠤᠯᠭᠤᠵᠤ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠬᠡᠪᠡ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号