2 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠳᠠᠷᠤᠭ᠎ᠠ ᠲᠢᠶᠠᠨ ᠬᠤᠩ ᠴᠧᠩ ᠮᠠᠨ ᠤ ᠲᠤᠭᠤᠷᠢᠭ ᠤᠨ ᠨᠡᠶᠢᠭᠡᠮ ᠤᠨ ᠵᠠᠰᠠᠯᠲᠠ ᠵᠢᠴᠢ ᠨᠡᠶᠢᠭᠡᠮ ᠤᠨ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | | | ᠲᠢᠶᠠᠨ ᠬᠤᠩ ᠴᠧᠩ ᠨᠡᠷ ᠤᠷᠢᠳ ᠬᠤᠵᠢᠳ ᠪᠦᠯᠬᠦᠮᠳᠡᠯ ᠵᠡᠭᠡᠯᠢ ᠭᠤᠳᠤᠮᠵᠢ ᠶᠢᠨ ᠮᠢᠩ ᠿᠢ ᠰᠢᠩ ᠴᠧᠩ | ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ᠂ ᠲᠠᠪᠰᠢᠯᠳᠠ ᠵᠡᠭᠡᠯᠢ | ᠭᠤᠳᠤᠮᠵᠢ ᠶᠢᠨ ᠵᠠᠯᠠᠭᠤᠰ 11 ᠳ᠋ᠤᠬᠡᠷ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ | ᠲᠥᠪ ᠲᠤ ᠬᠦᠷᠴᠦ᠂ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠣᠯᠠᠨ ᠲᠦᠮᠡᠨ ᠤ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠭᠠᠵᠠᠷ᠂ ᠠᠮᠤᠷ ᠢ ᠬᠠᠮᠠᠭᠠᠯᠠᠬᠤ ᠵᠢᠴᠢ ᠲᠤᠤᠷᠵᠢᠭᠤᠯᠤᠯᠳᠠ ᠶᠢᠨ | ᠬᠠᠮᠢᠶᠠᠷᠤᠯᠲᠠ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ | ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠣᠳᠣᠬᠠᠨ ᠤ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠵᠢᠴᠢ ᠨᠡᠶᠢᠭᠡᠮ ᠤᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ ᠳᠤ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠤᠨ ᠲᠤᠬᠠᠶ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠪᠤᠳᠤᠯ | ᠰᠠᠨᠠᠯ ᠢᠶᠠᠨ ᠰᠣᠯᠢᠯᠴᠠᠨ ᠶᠠᠷᠢᠯᠴᠠᠪᠠ᠃ | ᠲᠢᠶᠠᠨ ᠬᠤᠩ ᠴᠧᠩ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠭᠰᠠᠭᠠᠯ ᠤᠨ | ᠭᠠᠵᠠᠷ᠂ ᠪᠠᠬᠢᠯᠡᠯᠲᠡ᠂ ᠭᠡᠷ ᠣᠷᠣᠨ ᠤ ᠴᠢᠳᠠᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠯ᠎ᠡ | ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠤᠯᠠᠮ ᠴᠢᠨᠠᠭᠰᠢᠳᠠ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠪᠠᠳᠠᠷᠠᠭᠤᠯᠬᠤ ᠬᠡᠷᠡᠭᠲᠡᠢ᠃ ᠡᠯ᠎ᠡ ᠲᠦᠷᠦᠯ ᠤᠨ ᠨᠡᠶᠢᠭᠡᠮ ᠤᠨ ᠪᠦᠯᠬᠦᠮ ᠴᠤᠬᠴᠠ ᠶᠢᠨ ᠵᠣᠬᠢᠶᠠᠨ ᠪᠠᠶᠢᠭᠤᠯᠤᠯᠲᠠ ᠶᠢᠨ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠡᠮᠬᠢ ᠵᠢᠷᠤᠮ ᠲᠠᠢ ᠪᠠᠷ ᠣᠷᠣᠯᠴᠠᠬᠤ ᠵᠠᠮ ᠰᠤᠪᠠᠭ ᠢ | ᠦᠷᠭᠦᠯᠵᠢᠯᠡᠨ ᠥᠷᠭᠡᠳᠬᠡᠵᠦ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠢᠳᠡᠪᠬᠢᠲᠡᠢ ᠠᠬᠢᠭᠤᠯᠵᠤ᠂ | ᠨᠡᠶᠢᠭᠡᠮ ᠲᠣᠭᠤᠷᠢᠭ ᠤᠨ ᠣᠷᠣᠯᠴᠠᠬᠤ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠥᠭᠵᠢᠭᠡᠬᠦ ᠬᠡᠷᠡᠭᠲᠡᠢ᠃ | ᠨᠡᠶᠢᠭᠡᠮ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ | ᠨᠡᠶᠢᠭᠡᠮ ᠵᠢᠷᠤᠮ ᠤᠨ ᠭᠤᠤᠯᠯᠠᠬᠴᠢ ᠦᠷᠲᠡᠭ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ | ᠬᠥᠮᠦᠵᠢᠭᠦᠯᠵᠦ ᠬᠦᠲᠦᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠶᠣᠰᠣ ᠰᠤᠷᠳᠠᠬᠤᠨ ᠬᠡᠪ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ | ᠠᠷᠭ᠎ᠠ ᠵᠠᠮ ᠢ ᠰᠢᠯᠤᠭᠤᠳᠬᠠᠨ ᠵᠢᠷᠤᠮᠵᠢᠭᠤᠯᠵᠤ᠂ ᠣᠯᠠᠨ ᠲᠦᠮᠡᠨ ᠤ ᠬᠠᠤᠯᠢ ᠶᠣᠰᠣᠨ ᠤ ᠵᠦᠶ ᠵᠣᠬᠢᠰᠲᠠᠶ ᠬᠦᠰᠡᠯ | ᠱᠠᠭᠠᠷᠳᠠᠯᠭ᠎ᠠ ᠶᠢ ᠴᠠᠭ ᠲᠤᠬᠠᠶ ᠳᠤᠨᠢ ᠪᠦᠲᠦᠮᠵᠢᠲᠡᠶ ᠰᠢᠶᠳᠪᠦᠷᠢᠯᠡᠨ᠂ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ | ᠵᠤᠯᠭᠠᠯᠴᠠᠬᠤ ᠪᠠᠨ ᠴᠢᠩᠭᠠᠳᠬᠠᠵᠤ᠂ ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠡᠬᠢ ᠪᠠᠶᠠᠯᠢᠭ ᠤᠨ ᠳᠠᠪᠠᠭᠤᠯᠢᠭ ᠢ ᠤᠯᠠᠮ ᠨᠢᠭᠡ ᠠᠯᠬᠤᠮ | ᠨᠡᠶᠢᠳᠬᠡᠵᠤ᠂ ᠱᠠᠯᠠᠪᠳᠠᠭᠤᠯᠤᠨ ᠬᠦᠢᠴᠡᠳᠬᠡᠯᠬᠡᠬᠦ ᠠᠰᠠᠭᠤᠳᠠᠯ ᠢ ᠰᠢᠯᠵᠢᠭᠦᠯᠦᠨ ᠬᠦᠷᠬᠡᠵᠤ᠂ | ᠨᠠᠶᠢᠳᠠᠪᠤᠷᠢᠵᠢᠭᠤᠯᠬᠤ ᠶᠢᠨ ᠬᠠᠮᠲᠤ ᠡᠴᠦᠰ ᠲᠤᠨᠢ ᠲᠤᠯᠲᠠᠯ᠎ᠠ ᠮᠥᠷᠳᠡᠬᠦ ᠬᠡᠷᠡᠭᠲᠡᠶ᠃ ᠥᠨᠳᠥᠷ ᠪᠦᠲᠦᠮᠵᠢᠲᠡᠶ᠂ | ᠲᠦᠬᠦᠮ ᠲᠦᠷᠭᠡᠨ ᠤᠶᠤᠨᠳᠤ ᠬᠥᠨᠳᠡᠯᠡᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠪᠠᠷ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠴᠢᠳᠠᠯ ᠤᠯᠭᠤᠬᠤ | ᠠᠵᠢᠯ ᠢ ᠡᠳᠦᠷ ᠲᠤᠲᠤᠮ ᠤᠨ ᠠᠵᠢᠯ᠂ ᠡᠩ ᠤᠨ ᠠᠵᠢᠯ ᠤᠨ ᠲᠤᠮᠳᠠ ᠪᠠᠨ ᠪᠡᠶᠡᠯᠡᠬᠦᠯᠵᠤ᠂ ᠲᠠᠪᠴᠠᠩ ᠢ | ᠪᠠᠶᠢᠭᠤᠯᠬᠤ ᠶᠢᠨ ᠳᠠᠭᠠᠤ ᠬᠡᠷᠡᠭᠯᠡᠬᠦ ᠶᠢ ᠠᠬᠢᠭᠤᠯᠵᠤ᠂ ᠬᠡᠷᠡᠭᠯᠡᠬᠦ ᠪᠠᠷ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ | ᠪᠦᠬᠦ ᠬᠡᠪᠴᠢᠶᠡᠨ ᠤ ᠵᠠᠰᠠᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ | ᠠᠵᠢᠯᠲᠠᠨ ᠤ ᠴᠠᠯᠢᠩ ᠣᠯᠭᠤᠮᠵᠢ ᠶᠢᠨ ᠬᠥᠳᠡᠯᠦᠩᠭᠦᠶ ᠨᠡᠮᠡᠭᠳᠡᠯ ᠤᠨ ᠲᠣᠭᠲᠠᠴᠠ ᠪᠠ ᠴᠠᠯᠢᠩ ᠬᠥᠯᠥᠰᠥ ᠶᠢᠨ | ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠠᠪᠬᠤᠷᠭ᠎ᠠ ᠱᠠᠲᠤ ᠬᠤᠪᠢᠶᠠᠭᠰᠠᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢᠨ ᠦᠷᠭᠦᠯᠵᠢᠯᠡᠬᠦ ᠴᠢᠨᠠᠷ ᠢ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃ | ᠲᠤᠭᠤᠷᠢᠭ ᠤᠨ ᠤᠳᠤᠷᠢᠳᠤᠯᠭ᠎ᠠ ᠸᠠᠩ ᠰᠢᠤ ᠵᠢᠤᠸᠠᠨ᠂ ᠵᠣᠣ ᠲᠠᠢ ᠰᠢᠶᠠᠨ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ᠄ ᠵᠣᠣ ᠶᠢᠨ ᠹᠧᠩ | ᠬᠢᠨᠠᠨ ᠬᠠᠷᠭᠤᠭᠤᠯᠤᠬᠰᠠᠨ ᠨᠢ ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶ |