ᠲᠢᠶᠠᠨ ᠬᠤᠩ ᠴᠧᠩ ᠪᠦᠬᠦ ᠲᠤᠭᠤᠷᠢᠭ ᠤᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/15
    2 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠪᠥᠬᠦ ᠲᠤᠭᠤᠷᠢᠭ ᠤᠨ ᠰᠣᠶᠣᠯ ᠪᠠ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃     ᠲᠢᠶᠠᠨ ᠬᠤᠩ ᠴᠧᠩ ᠨᠡᠷ ᠤᠷᠢᠳ ᠬᠤᠵᠢᠳ ᠤᠷᠤᠰ ᠤᠨ ᠵᠠᠩ ᠦᠢᠯᠡ ᠶᠢᠨ ᠤᠨᠴᠠᠯᠢᠬᠳᠤ ᠵᠡᠭᠡᠯᠢ᠂ ᠰᠦᠩ ᠮᠧᠢ ᠵᠡᠭᠡᠯᠢ᠂ ᠬᠥᠨᠳᠡᠯᠡᠨ ᠲᠣᠭᠤᠷᠢᠭ ᠤᠨ ᠨᠣᠮ ᠤᠨ ᠰᠠᠩ᠂ ᠰᠣᠶᠣᠯ ᠤᠨ ᠣᠷᠳᠣᠨ ᠳᠤ ᠬᠦᠷᠴᠦ᠂ ᠤᠷᠤᠰ ᠤᠨ ᠵᠠᠩ ᠦᠢᠯᠡ ᠶᠢᠨ ᠤᠨᠴᠠᠯᠢᠬᠳᠤ ᠵᠡᠭᠡᠯᠢ᠂ ᠰᠦᠩ ᠮᠧᠢ ᠵᠡᠭᠡᠯᠢ ᠶᠢᠨ ᠡᠵᠡᠩᠨᠡᠯᠲᠡ ᠶᠢᠨ ᠣᠳᠣᠬᠢ ᠪᠠᠶᠢᠳᠠᠯ ᠵᠢᠴᠢ ᠤᠯᠠᠮᠵᠢᠯᠠᠯᠲᠤ ᠮᠠᠨᠵᠤ ᠲᠠᠪᠠᠯ ᠤᠶᠤᠬᠤ᠂ ᠬᠠᠭᠠᠷᠢᠭᠤᠯ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠲᠢᠶᠠᠨ ᠬᠤᠩ ᠴᠧᠩ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠬᠤᠷᠠᠯ ᠳᠤ ᠣᠷᠣᠯᠴᠠᠭᠰᠠᠳ ᠲᠠᠢ ᠪᠤᠳᠤᠯ ᠰᠠᠨᠠᠯ ᠢᠶᠠᠨ ᠰᠣᠯᠢᠯᠴᠠᠨ ᠶᠠᠷᠢᠯᠴᠠᠪᠠ᠃     ᠲᠢᠶᠠᠨ ᠬᠤᠩ ᠴᠧᠩ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠠᠷᠠᠯᠵᠢᠶ᠎ᠠ ᠬᠤᠳᠠᠯᠳᠤᠭ᠎ᠠ ᠰᠣᠶᠣᠯ ᠪᠠ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠶᠡᠭᠡ ᠪᠠᠷ ᠠᠬᠢᠭᠤᠯᠵᠤ᠂ ᠬᠡᠷᠡᠭᠯᠡᠭᠡ ᠪᠠ ᠪᠠᠯᠠ ᠣᠷᠣᠭᠤᠯᠤᠯᠲᠠ ᠶᠢᠨ ᠳᠠᠯᠳᠠ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠶ᠃ ᠬᠥᠨᠳᠡᠯᠡᠨ ᠲᠣᠭᠤᠷᠢᠭ ᠤᠨ ᠰᠣᠶᠣᠯ ᠤᠨ ᠣᠨᠴᠠᠯᠢᠭ ᠲᠠᠢ ᠤᠶᠠᠯᠳᠤᠭᠤᠯᠵᠤ᠂ ᠰᠣᠶᠣᠯ ᠪᠠ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ᠂ ᠦᠢᠯᠡᠳᠬᠦᠨ᠂ ᠵᠠᠬ᠎ᠠ ᠳᠡᠯᠭᠡᠭᠦᠷ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠭᠰᠠᠨ ᠨᠡᠩ ᠤᠯᠠᠨ ᠰᠣᠳᠣᠨ ᠪᠦᠲᠦᠭᠡᠯ ᠪᠠ ᠥᠪᠡᠷᠮᠢᠴᠡ ᠲᠠᠳᠠᠬᠤ ᠬᠦᠴᠦᠨ ᠲᠠᠢ ᠰᠣᠶᠣᠯ ᠪᠠ ᠵᠢᠭᠤᠯᠴᠢᠯᠠᠯ ᠤᠨ ᠪᠠᠶᠠᠳᠠᠨ ᠣᠶᠢᠯᠠᠭᠠᠯᠲᠠ ᠶᠢᠨ ᠲᠦᠷᠦᠯ ᠵᠦᠢᠯ ᠢ ᠡᠬᠦᠳᠦᠨ ᠨᠡᠬᠡᠬᠡᠬᠦ ᠬᠡᠷᠡᠭᠳᠡᠢ᠃ ᠪᠦᠬᠦ ᠲᠠᠯ᠎ᠠ ᠪᠠᠷ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠲᠡᠦᠬᠡ ᠰᠣᠶᠣᠯ ᠢ ᠬᠤᠲᠠ ᠶᠢᠨ ᠦᠵᠡᠮᠵᠢ᠂ ᠪᠠᠶᠢᠭᠠᠯᠢ ᠠᠭᠤᠯᠠ ᠤᠰᠤ ᠲᠠᠢ ᠤᠶᠠᠯᠳᠤᠭᠤᠯᠵᠤ᠂ ︽ᠢᠳᠡᠵᠤ ᠤᠤᠭᠤᠬᠤ᠂ ᠶᠠᠪᠤᠵᠤ᠂ ᠰᠠᠭᠤᠬᠤ᠂ ᠵᠢᠭᠤᠯᠴᠢᠯᠠᠬᠤ ᠂ ᠬᠤᠳᠠᠯᠳᠤᠨ ᠠᠪᠬᠤ᠂ ᠵᠤᠭ᠎ᠠ ᠴᠡᠩᠬᠡᠯ︾ ᠵᠡᠷᠬᠡ ᠵᠢᠷᠭᠤᠭᠠᠨ ᠡᠯᠧᠮᠧᠨ᠋ᠲ ᠤᠨ ᠲᠣᠭᠤᠷᠢᠨ ᠳᠤ ᠴᠢᠨᠠᠷ ᠰᠠᠶᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠬᠤᠲᠠ ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠦᠢᠯᠡᠰ ᠤᠨ ᠡᠵᠡᠩᠨᠡᠯᠳᠡ ᠶᠢᠨ ᠬᠡᠯᠪᠡᠷᠢ ᠶᠢᠨ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠲᠡᠦᠬᠡ ᠰᠣᠶᠣᠯ ᠤᠨ ᠥᠪ ᠢ ᠦᠨᠡᠨ ᠬᠦ ᠰᠠᠶᠢᠲᠤᠷ ᠬᠠᠮᠠᠭᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠢᠶᠠᠷ ᠠᠰᠢᠭᠯᠠᠬᠤ ᠶᠢ ᠴᠢᠬᠤᠯᠠᠴᠢᠯᠠᠵᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠬᠥᠭᠵᠢᠯᠲᠡ ᠶᠢ ᠪᠡᠶᠡᠯᠡᠭᠦᠯᠵᠦ ᠂ ᠬᠥᠨᠳᠡᠯᠡᠨ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠡᠭᠦᠳᠬᠦ ᠬᠡᠷᠡᠭᠲᠡᠢ᠃ ᠠᠷᠠᠯᠵᠢᠶ᠎ᠠ ᠬᠤᠳᠠᠯᠳᠤᠭ᠎ᠠ ᠰᠣᠶᠣᠯ ᠪᠠ ᠵᠢᠭᠤᠯᠴᠢᠯᠠᠯ ᠤᠨ ᠠᠵᠤ ᠦᠶᠯᠡᠰ ᠤᠨ ᠬᠤᠲᠠ ᠶᠢᠨ ᠬᠠᠮᠢᠶ᠎ᠠ ᠪᠥᠬᠦᠶ ᠠᠵᠤ ᠦᠶᠯᠡᠰ ᠳᠠᠬᠢ ᠬᠠᠷᠢᠯᠴᠠᠬᠤ ᠪᠠ ᠳᠠᠶᠢᠴᠢᠯᠠᠬᠤ ᠦᠶᠯᠡᠳᠦᠯ ᠢ ᠪᠠᠳᠠᠷᠠᠭᠤᠯᠵᠤ᠂ ᠤᠶᠢᠯᠠᠭᠠᠬᠳᠠᠬᠤᠨ᠂ ᠡᠵᠡᠩᠨᠡᠯᠲᠡ ᠶᠢᠨ ᠬᠡᠯᠪᠡᠷᠢ᠂ ᠦᠶᠯᠡᠴᠢᠯᠡᠭᠡ᠂ ᠵᠠᠭᠪᠤᠷ ᠵᠢᠴᠢ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠲᠡᠷᠢᠭᠦᠨ ᠤ ᠬᠤᠳᠠᠯᠳᠤᠭ᠎ᠠ  ᠡᠷᠬᠢᠯᠡᠬᠦ ᠣᠷᠴᠢᠨ ᠨᠥᠬᠦᠴᠡᠯ᠂  ᠬᠡᠷᠡᠭᠯᠡᠭᠡ ᠶᠢᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠬᠤ ᠬᠡᠷᠡᠭᠲᠡᠶ᠃ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢᠨ ᠰᠠᠶᠢᠵᠢᠷᠠᠯᠲᠠ ᠶᠢ ᠠᠬᠢᠭᠤᠯᠵᠤ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠦᠲᠦᠮᠵᠢᠲᠡᠶ ᠪᠠᠯᠠ ᠣᠷᠣᠭᠤᠯᠤᠯᠲᠠ ᠶᠢ ᠢᠳᠡᠪᠬᠢᠲᠡᠶ ᠥᠷᠭᠡᠳᠬᠡᠵᠦ᠂ ᠪᠥᠬᠦ ᠲᠤᠭᠤᠷᠢᠭ ᠤᠨ ᠰᠣᠶᠣᠯ ᠪᠠ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠳᠤ ᠨᠠᠩ ᠣᠯᠠᠨ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ ᠬᠡᠵᠤ ᠴᠢᠬᠤᠯᠠᠴᠢᠯᠠᠪᠠ᠃     ᠲᠤᠭᠤᠷᠢᠭ ᠤᠨ ᠤᠳᠤᠷᠢᠳᠤᠯᠭ᠎ᠠ ᠵᠠᠩ ᠬᠤᠸᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠪᠦᠦ ᠰᠤ᠋ ᠶᠠ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号