2022 ᠣᠨ ᠳᠤ ᠬᠥᠨᠳᠡᠯᠡᠨ ᠲᠣᠭᠤᠷᠢᠭ ᠤᠨ ᠠᠵᠤ ᠠᠬᠤᠢ ᠳᠠᠷᠤᠯᠲᠠ ᠶᠢ ᠳᠠᠭᠠᠭᠠᠵᠤ ᠤᠷᠤᠭᠰᠢᠯᠠᠨ᠂ ᠶᠡᠷᠦᠩᠬᠡᠢ ᠬᠡᠮᠵᠢᠶ᠎ᠡ ᠲᠠᠬᠢᠨ ᠰᠢᠨ᠎ᠡ ᠳᠡᠭᠲᠡᠷ ᠲᠤ ᠭᠠᠷᠪᠠ
ᠨᠡᠶᠢᠲᠡᠯᠡᠭᠰᠡᠨ ᠴᠠᠭ᠄
2023/2/17
  2022 ᠣᠨ ᠳᠤ᠂ ᠬᠥᠨᠳᠡᠯᠡᠨ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 1100 ᠳ᠋ᠦᠩᠰᠢᠭᠤᠷ ᠲᠥᠭᠦᠷᠢᠭ ᠢ ᠳᠠᠪᠠᠵᠤ᠂ 1116.15 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠲᠠᠬᠢᠨ ᠰᠢᠨ᠎ᠡ ᠳᠡᠭᠲᠡᠷ ᠲᠤ ᠭᠠᠷᠴᠤ᠂ ᠪᠦᠬᠦ ᠬᠤᠳᠠ ᠶᠢᠨ 29.8% ᠢ ᠡᠵᠡᠯᠡᠵᠦ᠂ ᠲᠤᠬᠳᠠᠮᠠᠯ ᠦᠨ᠎ᠡ ᠪᠠᠷ ᠪᠤᠳᠤᠪᠠᠯ᠂ 7.3% ᠪᠠᠷ ᠨᠡᠮᠡᠭᠳᠡᠵᠦ᠂ ᠪᠦᠬᠦ ᠬᠤᠳᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠥᠨᠳᠥᠷ ᠪᠠᠶᠢᠵᠤ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠬᠤᠳᠠ ᠳᠤ ᠲᠦᠷᠦᠬᠦᠯᠡᠪᠡ᠃ ᠠᠵᠤ ᠦᠢᠯᠡᠰ ᠤᠨ ᠪᠠᠶᠢᠳᠠᠯ ᠠᠴᠠ ᠦᠵᠡᠪᠡᠯ᠄ ᠨᠢᠭᠡᠳᠦᠭᠡᠷ ᠠᠵᠤ ᠦᠢᠯᠡᠰ 4.15 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.4%   ᠪᠠᠷ ᠨᠡᠮᠡᠭᠳᠡᠪᠡ᠂ ᠬᠤᠶᠠᠳᠤᠭᠠᠷ ᠠᠵᠤ ᠦᠢᠯᠡᠰ 563.27 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.2% ᠪᠠᠷ ᠨᠡᠮᠡᠭᠳᠡᠪᠡ᠂ ᠭᠤᠷᠪᠠᠳᠤᠭᠠᠷ ᠠᠵᠤ ᠦᠢᠯᠡᠰ 548.72 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ᠃ ᠨᠢᠬᠡ ᠬᠤᠶᠠᠷ ᠭᠤᠷᠪᠠᠳᠤᠭᠠᠷ ᠠᠵᠤ ᠦᠢᠯᠡᠰ ᠤᠨ ᠪᠦᠲᠦᠴᠡ 0.37᠄ 50.47᠄ 49.16 ᠪᠣᠯᠪᠠ᠃    2022 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 16.6% ᠪᠠᠷ ᠨᠡᠮᠡᠭᠳᠡᠵᠦ᠂ 1 — 11 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 2.2 ᠬᠤᠪᠢ ᠲᠦᠷᠬᠡᠨ ᠪᠤᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 33.4%   ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 13.3 ᠬᠤᠪᠢ ᠥᠨᠳᠥᠷ ᠪᠣᠯᠵᠤ᠂  ᠪᠦᠬᠦ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ ᠨᠢᠭᠡᠳᠦᠭᠡᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 336.96 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.4% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.7 ᠬᠤᠪᠢ ᠪᠠᠭ᠎ᠠ ᠪᠠᠶᠢᠵᠤ᠂ 1—11 ᠰᠠᠷ᠎ᠠ ᠶᠢᠨ ᠬᠢ ᠠᠴᠠ ᠵᠠᠭᠤᠨ ᠤ ᠬᠠᠷᠢᠴᠠᠯ  ᠢᠶᠠᠷ 0.4 ᠬᠤᠪᠢ ᠪᠠᠭᠠᠰᠴᠤ᠂ ᠶᠡᠷᠦᠩᠬᠡᠢ ᠬᠡᠮᠵᠢᠶ᠎ᠡ ᠨᠢ ᠪᠦᠬᠦ ᠬᠤᠲᠠ ᠶᠢᠨ ᠲᠡᠷᠢᠭᠦᠨ ᠳᠤ ᠣᠷᠣᠵᠤ᠂ ᠨᠡᠮᠡᠭᠳᠡᠯ ᠤᠨ ᠬᠤᠷᠳᠤᠴᠠ ᠨᠢ ᠲᠠᠪᠤᠨ ᠲᠣᠭᠤᠷᠢᠭ ᠤᠨ ᠲᠤᠳᠤᠷ᠎ᠠ 2 ᠳ᠋ᠤᠭᠠᠷ ᠲᠤ ᠣᠷᠣᠪᠠ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠣᠯᠭ᠎ᠠ 59551 ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠦ᠂ ᠬᠠᠷᠢᠴᠠᠯᠠᠰᠢᠭᠦᠶ ᠬᠡᠮᠵᠢᠶ᠎ᠡ ᠪᠠᠷ ᠪᠥᠬᠦ ᠬᠤᠲᠠ ᠶᠢᠨ ᠲᠡᠷᠢᠭᠦᠨ ᠳᠤ ᠣᠷᠣᠵᠤ᠂ ᠪᠥᠬᠦ ᠬᠤᠲᠠ ᠶᠢᠨ ᠲᠡᠭᠰᠢᠳᠭᠡᠭᠰᠡᠨ ᠬᠢᠷᠢ ᠲᠦᠪᠰᠢᠨ ᠠᠴᠠ 3306 ᠲᠥᠭᠦᠷᠢᠭ ᠥᠨᠳᠥᠷ ᠪᠣᠯᠵᠠᠶ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 33.17 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.0% ᠪᠠᠷ ᠨᠡᠮᠡᠭᠳᠡᠵᠦ᠂ ︽ᠰᠠᠭᠤᠯᠭᠠᠨ ᠠᠪᠬᠤ ᠪᠠᠷ ᠦᠯᠡᠳᠡᠭᠡᠭᠰᠡᠨ ᠨᠡᠮᠡᠭᠳᠡᠯ ᠥᠷᠲᠡᠭ ᠤᠨ ᠭᠠᠶᠢᠯᠢ ᠶᠢ ᠪᠤᠴᠠᠭᠠᠬᠤ︾ ᠲᠥᠷᠥ ᠶᠢᠨ ᠪᠣᠳᠣᠯᠭ᠎ᠠ ᠶᠢᠨ ᠨᠥᠯᠥᠭᠡ ᠶᠢ ᠬᠠᠰᠤᠵᠤ ᠭᠠᠷᠭᠠᠬᠰᠠᠨ ᠤ ᠳᠠᠷᠠᠭ᠎ᠠ 9.3% ᠪᠠᠷ ᠨᠡᠮᠡᠭᠳᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号