ᠶᠢᠨ ᠶᠦᠩ ᠯᠢ ᠪᠦᠦ ᠰᠦᠩ ᠴᠤᠮᠬᠠᠳᠬᠠᠨ ᠬᠦᠩᠬᠡᠯᠡᠬᠦ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠶᠢᠨ ᠶᠠᠩ ᠵᠠᠨ ᠴᠧᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/2/2
   1 ᠰᠠᠷ᠎ᠠ ᠶᠢᠨ 31 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠶᠦᠩ ᠯᠢ ᠪᠦᠦ ᠰᠥᠩ ᠴᠤᠮᠬᠠᠳᠬᠠᠨ ᠬᠦᠩᠬᠡᠯᠡᠬᠦ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠶᠠᠩ ᠵᠠᠨ ᠴᠧᠩ ᠨᠡᠷ ᠲᠠᠢ ᠠᠭᠤᠯᠵᠠᠪᠠ᠃      ᠶᠢᠨ ᠶᠦᠩ ᠯᠢ᠂ ᠣᠳᠣᠬᠠᠨ ᠳᠤ᠂ ᠬᠥᠨᠳᠡᠯᠡᠨ ᠲᠣᠭᠤᠷᠢᠭ ᠶᠠᠭ ᠰᠠᠶᠢᠬᠠᠨ ᠶᠡᠷᠦᠩᠬᠡᠶ ᠱᠦᠵᠢ ᠰᠢ ᠶᠢᠨ ᠫᠢᠩ ᠤᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠬᠡᠵᠢᠬᠦᠯᠵᠤ᠂ ᠪᠥᠬᠦ ᠬᠤᠲᠠ ᠶᠢᠨ ︽ᠬᠤᠶᠠᠷ ᠢ ᠤᠷᠢᠵᠤ ᠬᠤᠶᠠᠷ ᠢ ᠲᠠᠳᠠᠵᠤ ᠨᠢᠬᠡ ᠶᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠩ ᠣᠯᠠᠨ ᠰᠢᠨ᠎ᠡ ᠶᠢ ᠡᠬᠦᠳᠦᠭᠰᠡᠨ ᠡᠬᠢ ᠪᠠᠶᠠᠯᠢᠭ ᠢ ᠲᠦᠷᠭᠡᠨ ᠣᠷᠣᠭᠤᠯᠤᠨ ᠠᠪᠴᠢᠷᠠᠵᠤ ᠂ ᠡᠯ᠎ᠡ ᠲᠥᠷᠥᠯ ᠤᠨ ᠠᠵᠤ ᠠᠬᠤᠶᠢᠯᠠᠯ᠂ ᠡᠯ᠎ᠡ ᠵᠦᠢᠯ ᠤᠨ ᠴᠢᠳᠠᠪᠤᠷᠢᠲᠠᠨ ᠢ ᠴᠤᠬᠯᠠᠭᠤᠯᠤᠨ ᠲᠦᠪᠯᠡᠷᠡᠬᠦᠯᠬᠦ ᠪᠠᠨ ᠲᠦᠷᠬᠡᠳᠬᠡᠵᠤ᠂ ᠴᠢᠨᠠᠷ ᠰᠠᠶᠢᠲᠠᠶ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠡᠨᠧᠷᠭᠢ ᠶᠢ ᠲᠠᠰᠤᠷᠠᠯᠲᠠ ᠥᠬᠡᠶ  ᠵᠤᠵᠠᠭᠠᠳᠬᠠᠵᠤ ᠪᠠᠶᠢᠨ᠎ᠠ᠃ ᠪᠦᠦ ᠰᠥᠩ ᠴᠤᠮᠬᠠᠳᠬᠠᠨ  ᠬᠦᠩᠬᠡᠯᠡᠬᠦ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠨᠢ ᠬᠥᠨᠳᠡᠯᠡᠨ ᠲᠣᠭᠤᠷᠢᠭ ᠲᠤ ᠨᠤᠲᠤᠭᠰᠢᠭᠰᠠᠨ ᠠᠴᠠ ᠨᠠᠭᠠᠰᠢ᠂ ᠯᠠᠪᠳᠠᠭᠤᠨ ᠪᠠᠲᠤᠲᠠᠶ ᠪᠠᠷ ᠠᠵᠤ ᠦᠢᠯᠡᠰ ᠢᠶᠠᠨ ᠬᠦᠭᠵᠢᠬᠦᠯᠵᠤ᠂ ᠰᠡᠳᠬᠢᠯ ᠲᠤᠬᠳᠠᠭᠤᠨ ᠢᠶᠠᠷ ᠬᠥᠭᠵᠢᠯᠲᠡ ᠶᠢ ᠰᠦᠪᠡᠭᠴᠢᠯᠡᠵᠤ᠂ ᠳᠥᠷᠪᠡᠨ ᠵᠢᠯ ᠤᠨ ᠬᠤᠭᠤᠴᠠᠭ᠎ᠠ ᠶᠢ ᠬᠡᠷᠡᠭᠰᠡᠵᠦ ᠬᠥᠭᠵᠢᠭᠡᠳ ᠤᠯᠤᠰ ᠤᠨ ᠳᠣᠲᠣᠭᠠᠳᠤ ᠶᠢᠨ ᠭᠤᠤᠯᠯᠠᠬᠤ ᠥᠷᠢᠰᠥᠯᠳᠦᠭᠡᠨ ᠤ ᠮᠡᠷᠭᠡᠵᠢᠯ ᠲᠠᠢ ᠳᠡᠭᠡᠳᠦ ᠬᠦᠴᠦᠯᠡᠴᠡ ᠲᠠᠢ ᠬᠥᠩᠭᠡᠨ ᠴᠠᠭᠠᠨ ᠢᠶᠠᠷ ᠭᠤᠤᠯ ᠪᠤᠯᠭᠠᠬᠰᠠᠨ ᠴᠤᠮᠬᠠᠳᠬᠠᠨ ᠬᠦᠩᠬᠡᠯᠡᠬᠦ ᠮᠡᠷᠭᠡᠵᠢᠯ ᠤᠨ ᠬᠡᠷᠡᠭᠯᠡᠭᠡᠨ ᠤ ᠣᠷᠦ᠋ᠢᠯᠠᠭᠴᠢ ᠪᠣᠯᠵᠣ᠂ ᠬᠥᠭᠵᠢᠯᠲᠡ ᠶᠢᠨ ᠦᠷ᠎ᠡ ᠪᠦᠲᠦᠮᠵᠢ ᠢᠯᠡᠳᠲᠡ ᠪᠣᠯᠪᠠ᠃ ᠠᠵᠤ ᠠᠬᠤᠶᠢᠯᠠᠯ ᠤᠨ ᠬᠢᠨ ᠦᠷᠭᠦᠯᠵᠢᠯᠡᠨ ᠬᠥᠨᠳᠡᠯᠡᠨ ᠲᠣᠭᠤᠷᠢᠭ ᠲᠤ ᠦᠨᠳᠦᠰᠦᠯᠡᠵᠦ᠂ ᠠᠵᠠ ᠲᠣᠬᠢᠶᠠᠯ ᠢ ᠠᠮᠵᠢᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠲᠠᠰᠤᠷᠠᠯᠲᠠ ᠦᠭᠡᠢ ᠬᠥᠭᠵᠢᠨ ᠪᠤᠵᠠᠭᠠᠢᠢᠷᠠᠬᠤ ᠶᠢ ᠬᠦᠰᠡᠵᠦ ᠪᠠᠶᠢᠨ᠎ᠠ᠃ ᠪᠢᠳᠡ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠪᠣᠳᠠᠲᠤ ᠶᠠᠪᠤᠳᠠᠯ ᠬᠢᠵᠦ ᠥᠭᠭᠦᠨ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠨᠳᠡᠯᠡᠨ ᠲᠣᠭᠤᠷᠢᠭ ᠲᠠᠬᠢ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠢᠶᠠᠨ ᠥᠷᠭᠡᠳᠬᠡᠨ ᠦᠷ᠎ᠡ ᠪᠦᠲᠦᠮᠵᠢ  ᠪᠠᠨ ᠳᠡᠭᠡᠭᠰᠢᠯᠡᠭᠦᠯᠬᠦ ᠳᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂  ᠠᠵᠤ ᠠᠬᠤᠶᠢᠯᠠᠯ ᠦᠨᠡᠨ ᠬᠦ ︽ᠰᠡᠳᠬᠢᠯ ᠬᠠᠨᠤᠮᠵᠢᠲᠠᠶ ᠪᠠᠶᠢᠬᠤ ᠶᠢ ᠪᠠᠲᠤᠯᠠᠵᠤ︾᠂ ᠠᠵᠤ ᠠᠬᠤᠶᠢᠯᠠᠯ ᠪᠠ ᠣᠷᠣᠨ ᠨᠤᠳᠤᠭ ᠤᠨ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ᠂ ᠡᠶ᠎ᠡ ᠵᠣᠬᠢᠴᠠᠩᠭᠤᠶ ᠪᠠᠷ ᠬᠠᠮᠲᠤ ᠪᠠᠷ ᠤᠷᠤᠭᠰᠢᠯᠠᠬᠤ ᠶᠢ ᠪᠡᠶᠡᠯᠡᠭᠦᠯᠦᠨ᠎ᠡ  ᠬᠡᠵᠤ ᠬᠡᠯᠡᠪᠡ᠃    ᠶᠠᠩ ᠵᠠᠨ ᠴᠧᠩ᠂ ᠬᠥᠨᠳᠡᠯᠡᠨ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠢᠯᠡᠳᠲᠡ᠂ ᠠᠵᠤ  ᠦᠢᠯᠡᠰ ᠤᠨ ᠰᠠᠭᠤᠷᠢ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠰᠠᠶᠢᠨ ᠪᠠᠶᠢᠨ᠎ᠠ᠂ ᠪᠢᠳᠡ ᠮᠠᠨ ᠤ ᠠᠵᠤ ᠠᠬᠤᠶᠢᠯᠠᠯ ᠤᠨ ᠬᠥᠨᠳᠡᠯᠡᠨ ᠲᠣᠭᠤᠷᠢᠭ ᠲᠠᠬᠢ ᠬᠦᠭᠵᠢᠯᠳᠠ ᠳᠤ ᠢᠲᠡᠭᠡᠯ ᠳᠦᠭᠦᠷᠡᠩ ᠪᠠᠶᠢᠨ᠎ᠠ᠂ ᠣᠲᠣ ᠶᠢᠨ ᠰᠠᠭᠤᠷᠢᠨ ᠳᠡᠭᠡᠷ᠎ᠡ ᠲᠣᠰ ᠪᠡᠶ᠎ᠡ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠳᠠᠪᠠᠭᠤᠯᠢᠭ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠬᠥᠨᠳᠡᠯᠡᠨ ᠲᠣᠭᠤᠷᠢᠭ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠬᠤ ᠳᠤᠮᠳᠠ ᠬᠠᠷᠢᠯᠴᠠᠨ ᠠᠰᠢᠬᠳᠠᠢ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠬᠥᠨᠳᠡᠯᠡᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃   ᠲᠤᠭᠤᠷᠢᠭ ᠤᠨ ᠤᠳᠤᠷᠢᠳᠤᠯᠭ᠎ᠠ ᠢᠦᠢ ᠷᠦᠢ ᠴᠢᠩ᠂ ᠯᠢ ᠬᠤᠩ ᠢᠦᠢ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠵᠠᠢ᠃ ︵ᠰᠤᠷᠪᠤᠯᠵᠢᠯᠠᠭᠴᠢ᠄ ᠹᠧᠩ ᠰᠢᠤᠸᠠᠢ  ᠬᠢᠨᠠᠨ ᠬᠠᠷᠭᠤᠭᠤᠯᠤᠬᠰᠠᠨ ᠨᠢ᠄  ᠲᠤᠭᠤᠷᠢᠭ  ᠤᠨ ᠨᠠᠮ ᠤᠨ ᠬᠤᠷᠢᠶᠠᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号