ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ᠄ ᠯᠢ ᠵᠦᠩ
ᠨᠡᠶᠢᠲᠡᠯᠡᠭᠰᠡᠨ ᠴᠠᠭ᠄
2023/2/22
    ᠯᠢ ᠵᠥᠩ᠂ ᠡᠷᠡᠭᠲᠡᠶ᠂ ᠮᠣᠩᠭᠤᠯ ᠦᠨᠳᠦᠰᠦᠲᠡᠨ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠬᠥᠮᠦᠨ᠂ 1976 ᠣᠨ ᠤ 9 ᠰᠠᠷ᠎ᠠ ᠳᠤ ᠳᠦᠷᠦᠵᠦ᠂ 2004 ᠣᠨ ᠤ 5 ᠰᠠᠷ᠎ᠠ ᠳᠤ ᠨᠠᠮ ᠳᠤ ᠣᠷᠣᠵᠤ᠂ 1997 ᠣᠨ ᠤ 12 ᠰᠠᠷ᠎ᠠ ᠳᠤ ᠠᠵᠢᠯ ᠳᠤ ᠤᠷᠤᠯᠴᠠᠵᠠᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠣᠲᠣ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠪᠤᠭᠤᠲᠤ ᠶᠢᠨ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ ᠲᠤᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ ᠪᠥᠭᠡᠳ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠤᠢ᠃     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠳᠠᠷᠤᠭ᠎ᠠ ᠳᠤ ᠬᠠᠮᠵᠢᠨ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠪᠠᠶᠢᠭᠤᠯᠭ᠎ᠠ ᠶᠢᠨ ᠶᠠᠪᠤᠳᠠᠯ᠂ ᠤᠯᠤᠰ ᠤᠨ ᠦᠮᠴᠢᠯᠠᠯ ᠤᠨ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃     ᠬᠤᠪᠢᠳᠠᠨ ᠬᠠᠮᠢᠶᠠᠷᠬᠤ ᠰᠠᠯᠠᠭ᠎ᠠ ᠮᠦᠴᠢᠷ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ᠂ ᠺᠦᠨ ᠯᠦ ᠺᠣᠮᠫᠠᠨᠢ᠃ ᠲᠣᠭᠤᠷᠢᠭ ᠤᠨ ᠳᠠᠷᠤᠭ᠎ᠠ  ᠳᠤ ᠬᠠᠮᠵᠢᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠠᠷᠢᠯᠴᠠᠬᠤ ᠨᠢᠭᠡᠴᠢ᠄ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠲᠤᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ᠂ ᠲᠤᠭᠤᠷᠢᠭ  ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠤᠭᠤᠷᠢᠭ ᠤᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠴᠢᠬᠤᠯᠠ ᠨᠢᠭᠤᠴᠠ ᠶᠢᠨ ᠲᠣᠪᠴᠢᠶ᠎ᠠ᠂ ᠲᠤᠭᠤᠷᠢᠭ ‍ᠤᠨ‌ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠳᠠᠩᠰᠠ ᠡᠪᠬᠡᠮᠡᠯ ᠣᠷᠣᠨ ᠨᠤᠲᠤᠭ ᠤᠨ ᠣᠶᠢᠯᠠᠯᠭ᠎ᠠ ᠶᠢᠨ ᠣᠷᠳᠣᠨ᠂ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠬᠥᠨᠳᠡᠯᠡᠨ ᠲᠣᠭᠤᠷᠢᠭ ᠤᠨ ᠶᠡᠭᠡ ᠠᠩᠭᠢ᠂ ᠡᠯ᠎ᠡ ᠮᠥᠩᠭᠦᠨ ᠭᠦᠢᠯᠭᠡᠭᠡᠨ ᠤ ᠨᠢᠭᠡᠴᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号