ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/28
    2 ᠰᠠᠷ᠎ᠠ ᠶᠢᠨ 24 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ ᠵᠢᠴᠢ ᠭᠡᠰᠢᠭᠦᠨ ᠨᠡᠶᠢᠳᠡ 25 ᠬᠥᠮᠦᠨ ᠬᠤᠷᠠᠯ ᠳᠤ ᠣᠷᠣᠯᠴᠠᠵᠤ᠂ ᠯᠢ ᠵᠢᠶᠦ᠋ᠨ᠂ ᠬᠤ᠋ ᠰᠢᠶᠠ ᠲᠤᠰ ᠲᠤᠰ ᠠᠩᠬᠠᠳᠤᠭᠠᠷ ᠤᠳᠠᠭ᠎ᠠ ᠶᠢᠨ ᠪᠠ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠪᠡ᠃
   ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ︵ᠬᠥᠨᠳᠡᠯᠡᠨ ᠲᠣᠭᠤᠷᠢᠭ︶ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠪᠣᠯᠤᠨ ᠲᠣᠭᠤᠷᠢᠭ ᠤᠨ 5 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠠᠵᠢᠯ ᠤᠨ ᠭᠤᠤᠯ ᠠᠭᠤᠯᠭ᠎ᠠ ︵ᠲᠥᠰᠦᠯ︶ ᠶᠢ ᠬᠢᠨᠠᠨ ᠵᠥᠪᠯᠡᠵᠦ ᠪᠠᠲᠤᠯᠠᠪᠠ︔ ᠡᠯ᠎ᠡ ᠵᠡᠭᠡᠯᠢ ᠭᠤᠳᠤᠮᠵᠢ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ︵ᠬᠥᠨᠳᠡᠯᠡᠨ ᠲᠣᠭᠤᠷᠢᠭ︶ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠭᠡᠰᠢᠭᠦᠳ ᠤᠨ ᠨᠡᠷᠡᠰ ︵ᠲᠥᠰᠦᠯ︶ ᠢ ᠬᠢᠨᠡᠨ ᠵᠦᠪᠯᠡᠵᠤ ᠪᠠᠳᠤᠯᠠᠪᠠ᠃    ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠤᠯᠪᠣᠭᠳᠠᠯ ᠪᠥᠬᠦᠶ ᠵᠦᠢᠯᠡᠰ ᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠵᠠᠩ ᠶᠢᠨ ᠵᠥᠩ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠬᠤ ᠪᠠᠷ ᠲᠣᠭᠲᠠᠵᠤ᠂ ᠶᠠᠩ ᠶᠦᠩ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠪᠠ᠃ ᠯᠢ ᠵᠢᠶᠦ᠋ᠨ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠵᠤ᠂ ᠶᠠᠩ ᠶᠦᠩ ᠣᠪᠣᠷ ᠢᠶᠠᠨ ᠢᠯᠡᠳᠬᠡᠬᠦ ᠦᠭᠡ ᠬᠡᠯᠡᠪᠡ ᠃ ︵ᠰᠤᠷᠪᠤᠯᠵᠢᠯᠠᠭᠴᠢ᠄ ᠵᠣᠣ ᠶᠢᠨ ᠹᠧᠩ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号