ᠲᠢᠶᠠᠨ ᠬᠤᠩ ᠴᠧᠩ ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢᠴᠢ ᠤᠶᠤᠨᠲᠤ ᠬᠥᠨᠳᠡᠯᠡᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/5
    2 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢᠴᠢ ᠤᠶᠤᠨᠲᠤ ᠬᠥᠨᠳᠡᠯᠡᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
   ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠲᠣᠬᠢᠷᠠᠭᠤᠯᠤᠨ ᠵᠢᠯᠣᠭᠤᠳᠬᠤ ᠲᠥᠪ ᠲᠤ᠂ ᠲᠢᠶᠠᠨ ᠬᠤᠩ ᠴᠧᠩ ᠲᠤᠬᠠᠶ ᠶᠢᠨ ᠲᠠᠯᠠᠪᠠᠶ ᠳᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠳᠠᠰᠤ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠲᠢᠶᠠᠨ ᠬᠤᠩ ᠴᠧᠩ᠂ ᠪᠦᠬᠦ ᠲᠤᠭᠤᠷᠢᠭ ᠳᠠᠶᠠᠭᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠶᠠᠪᠤᠳᠠᠯ ᠪᠦᠬᠦᠨ ᠢ ᠠᠩᠬᠠᠷᠬᠤ ᠬᠥᠮᠦᠨ ᠲᠠᠢ᠂ ᠶᠠᠪᠤᠳᠠᠯ ᠪᠦᠬᠦᠨ ᠳᠤ ᠬᠠᠷᠢᠭᠤᠯᠲᠠ ᠦᠭᠬᠦ︾ ᠶᠢ ᠪᠠᠲᠤᠯᠠᠬᠤ ᠬᠡᠷᠡᠭᠲᠡᠢ᠃ ᠥᠨᠳᠥᠷ ᠪᠦᠲᠦᠮᠵᠢᠲᠡᠢ ᠲᠤᠬᠠᠶᠢᠯᠠᠭᠰᠠᠨ ᠠᠵᠢᠯ ᠤᠨ ᠶᠠᠪᠤᠴᠠ ᠪᠣᠯᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠱᠠᠯᠠᠪᠳᠠᠭᠤᠯᠤᠨ ᠰᠢᠢᠳᠪᠦᠷᠢᠯᠡᠭᠦᠯᠬᠦ ᠠᠰᠠᠭᠤᠳᠠᠯ ᠢ ᠰᠢᠯᠵᠢᠭᠦᠯᠦᠨ ᠬᠦᠷᠬᠡᠬᠦ᠂ ᠨᠠᠶᠢᠳᠠᠪᠤᠷᠢᠵᠢᠭᠤᠯᠬᠤ ᠪᠥᠭᠡᠳ ᠡᠴᠦᠰ ᠲᠤᠨᠢ ᠲᠤᠯᠲᠠᠯ᠎ᠠ ᠮᠥᠷᠳᠡᠵᠦ᠂ ᠤᠯᠠᠨ ᠲᠦᠮᠡᠨ ᠤ ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠢ ᠴᠢᠨᠠᠭᠰᠢᠳᠠ ᠲᠦᠷᠭᠡᠳᠬᠡᠨ ᠰᠢᠢᠳᠪᠦᠷᠢᠯᠡᠵᠦ᠂ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠴᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠬᠡᠵᠤ ᠴᠢᠬᠤᠯᠠᠴᠢᠯᠠᠪᠠ᠃    ᠤᠶᠤᠨᠲᠤ ᠬᠥᠨᠳᠡᠯᠡᠨ ᠵᠢᠯᠣᠭᠤᠳᠬᠤ ᠲᠥᠪ ᠲᠤ᠂ ᠲᠢᠶᠠᠨ ᠬᠤᠩ ᠴᠧᠩ ᠤᠶᠤᠨᠲᠤ ᠬᠥᠨᠳᠡᠯᠡᠨ ᠬᠤᠳᠠ ᠶᠢᠨ  ᠪᠦᠬᠦ ᠬᠡᠪᠴᠢᠶᠡᠨ ᠤ ᠵᠠᠰᠠᠯᠲᠠ ᠶᠢᠨ ᠲᠣᠭᠠᠴᠢᠯᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠲᠤᠭᠠᠴᠢᠯᠠᠯᠳᠠ᠂ ᠤᠶᠤᠨᠴᠢᠯᠠᠯᠳᠠ ᠶᠢᠨ ᠤᠶᠤᠨᠲᠤ ᠨᠠᠮ ᠤᠨ ᠪᠠᠶᠢᠭᠤᠯᠤᠯᠲᠠ᠂ ᠤᠶᠤᠨᠲᠤ ᠨᠡᠶᠢᠭᠡᠮ ᠲᠣᠭᠤᠷᠢᠭ᠂ ᠠᠵᠤ ᠠᠬᠤᠢ ᠶᠢᠨ ᠠᠮᠢ ᠠᠬᠤᠢ᠂ ᠠᠮᠤᠷ ᠠᠮᠤᠭᠤᠯᠠᠩ ᠬᠠᠤᠯᠢᠵᠢᠯ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠤᠳᠠ ᠶᠢᠨ ᠪᠦᠬᠦ ᠬᠡᠪᠴᠢᠶᠡᠨ ᠤ ᠵᠠᠰᠠᠯᠲᠠ ᠲᠤᠮᠳᠠᠬᠢ ᠬᠡᠷᠡᠭᠯᠡᠬᠡᠨ ᠢ ᠰᠢᠭᠤᠳ ᠦᠵᠡᠵᠤ  ᠪᠠᠶᠠᠳᠠᠨ ᠤᠶᠢᠯᠠᠭᠠᠪᠠ᠃ ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠲᠢᠶᠠᠨ ᠬᠤᠩ ᠴᠧᠩ᠂ ᠲᠤᠰᠠᠳᠠᠢ ᠪᠠᠶᠢᠬᠤ ᠪᠠ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠲᠡᠭᠦᠨ ᠤ ᠤᠶᠤᠨᠲᠤ ᠨᠡᠶᠢᠭᠡᠮ ᠲᠣᠭᠤᠷᠢᠭ᠂ ᠤᠶᠤᠨᠲᠤ ᠵᠠᠮ ᠬᠠᠷᠢᠯᠴᠠᠭ᠎ᠠ ᠵᠡᠷᠭᠡ  ᠬᠦᠷᠢᠶ᠎ᠡ ᠴᠠᠷᠠᠭᠠᠨ ᠳᠠᠬᠢ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠲᠠᠪᠴᠠᠩ ᠤᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠶᠠᠪᠤᠴᠠ ᠶᠢ ᠨᠠᠷᠢᠯᠢᠭᠵᠢᠭᠤᠯᠤᠨ᠂ ᠠᠵᠢᠯᠲᠠᠨ ᠳᠤ ᠪᠣᠯᠪᠠᠰᠤᠷᠠᠯ ᠬᠦᠷᠳᠡᠬᠡᠬᠦ  ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠬᠤᠲᠠ ᠶᠢᠨ ᠵᠠᠰᠠᠯᠲᠠ ᠶᠢᠨ ᠤᠶᠢᠯᠠᠭᠠᠬᠳᠠᠬᠤᠨ᠂ ᠵᠠᠰᠠᠯᠲᠠ ᠶᠢᠨ ᠠᠷᠭ᠎ᠠ ᠮᠠᠶ᠋ᠢᠭ᠂ ᠵᠠᠰᠠᠯᠲᠠ ᠶᠢᠨ ᠵᠠᠭᠪᠤᠷ ᠤᠨ ᠲᠤᠭᠠᠴᠢᠯᠠᠯᠳᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠡᠯ᠎ᠡ ᠬᠤᠯᠪᠤᠬᠳᠠᠯ ᠪᠦᠬᠦᠢ ᠨᠢᠬᠡᠴᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠤᠯᠠᠮ ᠨᠢᠭᠡ ᠠᠯᠬᠤᠮ ᠨᠡᠶᠢᠳᠬᠡᠵᠤ᠂ ᠰᠢᠰᠲ᠋ᠧᠮ ᠢᠶᠠᠷ ᠢᠶᠠᠨ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ᠂ ︽ᠬᠤᠲᠠ ᠶᠢᠨ ᠵᠠᠰᠠᠯᠲᠠ ᠶᠢ ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ᠂ ᠬᠤᠲᠠ ᠶᠢᠨ ᠠᠵᠢᠯᠯᠠᠭᠠᠨ ᠢ ᠨᠢᠭᠡ ᠳᠡᠯᠭᠡᠴᠡ ᠪᠠᠷ ᠪᠥᠬᠦ ᠲᠠᠯ᠎ᠠ ᠶᠢ ᠠᠵᠢᠭᠯᠠᠬᠤ᠂ ᠪᠠᠴᠢᠮ ᠪᠠᠶᠢᠳᠠᠯ ᠢ ᠠᠷᠭᠠᠴᠠᠭᠠᠵᠤ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠶᠢ ᠨᠢᠭᠡ ᠴᠤᠬᠴᠠ ᠪᠠᠷ ᠬᠤᠯᠪᠣᠭᠠᠯᠠᠨ ᠬᠥᠳᠡᠯᠦᠯᠴᠡᠵᠦ ᠵᠢᠯᠣᠭᠤᠳᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠬᠡᠷᠡᠭᠲᠡᠶ ᠬᠡᠵᠤ ᠴᠢᠬᠤᠯᠠᠴᠢᠯᠠᠵᠠᠢ᠃          ᠲᠤᠭᠤᠷᠢᠭ ᠤᠨ ᠳᠡᠳ᠋ ᠳᠠᠷᠤᠭ᠎ᠠ ᠭᠤᠤ ᠢᠦᠢ ᠫᠦ᠋᠂ ᠡᠤ ᠱᠧᠨ ᠮᠦᠸᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠵᠣᠣ ᠶᠢᠨ ᠹᠧᠩ    ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号