ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2023/2/6
    ᠲᠤᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠨᠠᠮ ᠤᠨ ᠲᠥᠪ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠪᠠ᠃ ᠭᠤᠣᠯ ᠡᠭᠦᠷᠭᠡ ᠬᠠᠷᠢᠭᠤᠴᠠᠯᠭ᠎ᠠ ᠨᠢ᠄     ︵ᠨᠢᠭᠡ︶ ᠬᠥᠨᠳᠡᠯᠡᠨ ᠲᠣᠭᠤᠷᠢᠭ ᠤᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠦᠵᠡᠬᠦ ᠠᠵᠢᠯ ᠢ ᠡᠭᠦᠷᠭᠡᠯᠡᠵᠦ᠂ ᠡᠯ᠎ᠡ ᠵᠡᠭᠡᠯᠢ ᠪᠠᠯᠭᠠᠰᠤ᠂ ᠰᠠᠯᠠᠭ᠎ᠠ ᠮᠥᠴᠢᠷ᠂ ᠨᠢᠭᠡᠴᠢ ᠳᠤ ᠤᠷᠢᠳᠴᠢᠯᠠᠨ ᠰᠡᠷᠡᠮᠵᠢᠯᠡᠭᠦᠯᠵᠦ ᠬᠠᠷᠢᠭᠤ ᠲᠤᠰᠬᠠᠭᠰᠠᠨ ᠬᠠᠮᠢᠶ᠎ᠠ ᠪᠥᠬᠦᠶ ᠪᠠᠶᠢᠳᠠᠯ ᠢ ᠮᠡᠳᠡᠭᠳᠡᠨ᠎ᠡ︔ ᠲᠤᠭᠤᠷᠢᠭ ᠲᠤ ᠬᠤᠯᠪᠣᠭᠳᠠᠭᠰᠠᠨ ᠬᠦᠨᠳᠦᠬᠦᠷᠢ ᠠᠰᠠᠭᠤᠳᠠᠯ ᠬᠠᠯᠠᠮᠰᠢᠯ ᠠᠰᠠᠭᠤᠳᠠᠯ ᠤᠨ ᠲᠤᠬᠠᠢ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠵᠤ ᠰᠢᠶᠳᠪᠦᠷᠢᠯᠡᠬᠦ ᠠᠵᠢᠯ ᠢ ᠡᠭᠦᠷᠭᠡᠯᠡᠨ᠎ᠡ︔ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠲᠤᠰᠠᠯᠠᠬᠤ ᠴᠢᠨᠠᠷᠲᠠᠶ ᠠᠵᠢᠯ ᠢ ᠬᠠᠷᠢᠯᠴᠠᠵᠤ ᠨᠠᠶᠢᠳᠠᠪᠤᠷᠢᠵᠢᠭᠤᠯᠤᠨ᠎ᠠ︔ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠦᠵᠡᠬᠦ ᠰᠢᠢᠳᠪᠦᠷᠢᠯᠡᠬᠦ ᠠᠵᠢᠯᠲᠠᠨ ᠳᠤ ᠪᠤᠯᠪᠠᠰᠤᠷᠠᠯ ᠬᠦᠷᠳᠡᠬᠡᠵᠤ ᠬᠠᠮᠢᠶᠠᠷᠬᠤ ᠠᠵᠢᠯ ᠢ ᠡᠭᠦᠷᠭᠡᠯᠡᠨ᠎ᠡ︔ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠲᠤᠰᠢᠶᠠᠨ ᠰᠢᠢᠳᠪᠦᠷᠢᠯᠡᠬᠦᠯᠦᠭᠰᠡᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠵᠢᠴᠢ ᠲᠤᠭᠤᠷᠢᠭ ᠤᠨ ᠡᠯ᠎ᠡ ᠬᠦᠷᠢᠶ᠎ᠡ ᠴᠠᠷᠠᠭ᠎ᠠ ᠳᠤ ᠬᠤᠯᠪᠣᠬᠳᠠᠬᠰᠠᠨ ᠭᠤᠤᠯᠳᠠᠯᠭ᠎ᠠ ᠲᠠᠢ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠰᠤᠳᠤᠯᠬᠤ ᠠᠵᠢᠯ ᠢ ᠬᠠᠷᠢᠭᠤᠴᠠᠨ᠎ᠠ᠃    ︵ᠬᠤᠶᠠᠷ︶ ᠪᠥᠬᠦ ᠲᠤᠭᠤᠷᠢᠭ ᠤᠨ ᠢᠨᠲ᠋ᠧᠷ ᠰᠦᠯᠵᠢᠶᠡᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠵᠢᠬᠦᠷᠯᠡᠨ ᠰᠠᠬᠢᠬᠤ ᠠᠵᠢᠯ ᠢ ᠵᠣᠬᠢᠴᠠᠭᠤᠯᠬᠤ᠂ ᠵᠢᠯᠣᠭᠤᠳᠤᠨ ᠲᠣᠬᠢᠷᠠᠭᠤᠯᠬᠤ ᠶᠢ ᠡᠭᠦᠷᠭᠡᠯᠡᠨ᠎ᠡ︔ ᠰᠦᠯᠵᠢᠶᠡᠨ ᠳᠡᠭᠡᠷᠡᠬᠢ ᠤᠯᠤᠰ ᠲᠥᠷᠥ ᠶᠢᠨ ᠲᠤᠬᠠᠢ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠰᠢᠶᠳᠪᠦᠷᠢᠯᠡᠬᠦ ᠬᠠᠪᠰᠤᠷᠤᠮᠵᠢ ᠶᠢᠨ ᠴᠢᠨᠠᠷᠲᠠᠶ ᠠᠵᠢᠯ ᠢ ᠡᠭᠦᠷᠭᠡᠯᠡᠨ᠎ᠡ︔ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠬᠠᠮᠢᠶᠠᠷᠤᠯᠲᠠ ᠶᠢᠨ ᠡᠯ᠎ᠡ ᠵᠦᠶᠯ ᠤᠨ ᠵᠢᠭᠠᠪᠤᠷᠢ ᠶᠢ ᠨᠠᠶᠢᠳᠠᠪᠤᠷᠢᠵᠢᠭᠤᠯᠬᠤ ᠶᠢ ᠡᠭᠦᠷᠭᠡᠯᠡᠨ᠎ᠡ᠃    ︵ᠭᠤᠷᠪᠠ︶ ᠬᠥᠨᠳᠡᠯᠡᠨ ᠲᠣᠭᠤᠷᠢᠭ ᠤᠨ ᠡᠯ᠎ᠡ ᠰᠦᠯᠵᠢᠶ᠎ᠡ᠂ ᠲᠠᠪᠴᠠᠩ ᠤᠨ ᠢᠨᠲ᠋ᠧᠷ ᠰᠦᠯᠵᠢᠶᠡᠨ ᠤ ᠬᠠᠤᠯᠢ ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ ᠠᠵᠢᠯ ᠢ ᠬᠠᠷᠢᠭᠤᠴᠠᠨ᠎ᠠ︔ ᠰᠦᠯᠵᠢᠶᠡᠨ ᠢᠷᠭᠡᠳ ᠤᠨ ᠲᠤᠭᠤᠷᠢᠭ ᠤᠨ ᠲᠤᠰ ᠱᠠᠲᠤᠨ ᠤ ᠢᠨᠲ᠋ᠧᠷ ᠰᠦᠯᠵᠢᠶᠡᠨ ᠤ ᠬᠠᠤᠯᠢ ᠠᠴᠠ ᠵᠥᠷᠢᠴᠡᠭᠰᠡᠨ ᠪᠠ ᠮᠠᠭᠤ ᠮᠠᠭᠤᠬᠠᠢ ᠮᠡᠳᠡᠭᠡ ᠵᠠᠩᠭᠢ ᠶᠢᠨ ᠲᠤᠬᠠᠢ ᠢᠯᠡᠴᠢᠯᠡᠨ ᠮᠡᠳᠡᠬᠦᠯᠦᠯᠳᠡ ᠶᠢ ᠬᠦᠯᠢᠶᠡᠨ ᠠᠪᠴᠤ᠂ ᠵᠣᠬᠢᠴᠠᠭᠤᠯᠤᠨ ᠰᠢᠶᠳᠪᠦᠷᠢᠯᠡᠵᠦ᠂ ᠬᠥᠨᠳᠡᠯᠡᠨ ᠲᠣᠭᠤᠷᠢᠭ ᠠᠴᠠ ᠭᠠᠳᠠᠨᠠᠬᠢ ᠢᠨᠲ᠋ᠧᠷ ᠰᠦᠯᠵᠢᠶᠡᠨ ᠤ ᠬᠠᠤᠯᠢ ᠠᠴᠠ ᠵᠥᠷᠢᠴᠡᠭᠰᠡᠨ ᠪᠠ ᠮᠠᠭᠤ ᠮᠠᠭᠤᠬᠠᠢ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠥᠷᠭᠡᠨ ᠣᠯᠠᠨ ᠰᠦᠯᠵᠢᠶᠡᠴᠢᠳ ᠢ ᠤᠬᠠᠭᠤᠯᠤᠨ ᠳᠠᠶᠢᠴᠢᠯᠠᠵᠤ ᠢᠨᠲ᠋ᠧᠷ ᠰᠦᠯᠵᠢᠶᠡᠨ ᠤ ᠬᠠᠤᠯᠢ ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠵᠦ ᠬᠢᠨᠠᠯᠲᠠ ᠲᠠᠯᠪᠢᠬᠤ ᠠᠵᠢᠯ ᠳᠤ ᠢᠳᠡᠪᠬᠢᠲᠡᠶ ᠣᠷᠣᠯᠴᠠᠭᠤᠯᠤᠨ᠎ᠠ︔ ᠬᠥᠨᠳᠡᠯᠡᠨ ᠲᠣᠭᠤᠷᠢᠭ ᠤᠨ ᠲᠤᠳᠤᠷᠠᠬᠢ ᠰᠦᠯᠵᠢᠶᠡᠨ ᠴᠤᠤᠷᠬᠠᠯ ᠤᠨ ᠵᠠᠰᠠᠯᠲᠠ ᠵᠢᠴᠢ ᠴᠤᠤᠷᠬᠠᠯ ᠢ ᠨᠢᠴᠤᠭᠠᠬᠤ ᠲᠠᠪᠴᠠᠩ ᠤᠨ ᠠᠵᠢᠯ ᠢ ᠡᠭᠦᠷᠭᠡᠯᠡᠨ᠎ᠡ᠃    ︵ᠳᠥᠷᠪᠡ︶ ᠬᠥᠨᠳᠡᠯᠡᠨ ᠲᠣᠭᠤᠷᠢᠭ ᠤᠨ ᠮᠡᠳᠡᠭᠡ ᠵᠠᠩᠭᠢᠵᠢᠯᠲᠠ ᠵᠢᠴᠢ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠤᠭᠤᠷᠪᠢᠬᠤ ᠳᠤ ᠣᠷᠣᠯᠴᠠᠨ᠎ᠠ︔ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠨᠡᠶᠢᠭᠡᠮ ᠪᠣᠯᠤᠨ ᠲᠣᠭᠠᠴᠢᠯᠠᠭᠰᠠᠨ ᠵᠠᠰᠠᠭ ᠤᠨ ᠣᠷᠳᠣᠨ ᠵᠡᠷᠭᠡ ᠲᠤᠰᠬᠠᠶ ᠲᠥᠯᠥᠪᠵᠢᠭᠦᠯᠭᠡ ᠶᠢᠨ ᠲᠥᠰᠦᠯ᠂ ᠬᠠᠮᠢᠶ᠎ᠠ ᠪᠥᠬᠦᠶ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠪᠣᠯᠤᠨ ᠬᠡᠷᠡᠭᠯᠡᠯᠲᠡ ᠳᠡᠯᠭᠡᠷᠡᠭᠦᠯᠦᠯᠲᠡ ᠶᠢ ᠠᠬᠢᠭᠤᠯᠬᠤ ᠳᠤ ᠣᠷᠣᠯᠴᠠᠨ᠎ᠠ︔ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠲᠥᠰᠦᠯ ᠵᠡᠷᠭᠡ ᠵᠦᠶᠯᠡᠰ ᠢ ᠥᠷᠨᠢᠭᠦᠯᠬᠦ ᠲᠤᠰᠬᠠᠶ ᠮᠡᠷᠭᠡᠵᠢᠯᠲᠡᠨ ᠤ ᠵᠥᠪᠯᠡᠯᠭᠡ ᠦᠭᠬᠦ ᠪᠠ ᠨᠤᠲᠠᠯᠠᠬᠤ ᠳᠤ ᠣᠷᠣᠯᠴᠠᠨ᠎ᠠ᠃    ︵ᠲᠠᠪᠤ︶ ᠬᠥᠨᠳᠡᠯᠡᠨ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠢᠶᠠᠷ ᠠᠵᠢᠯᠯᠠᠬᠤ ᠶᠢ ᠬᠢᠨᠠᠨ ᠬᠡᠮᠵᠢᠬᠦ ᠵᠢᠴᠢ ᠰᠤᠳᠤᠯᠤᠨ ᠮᠠᠭᠠᠳᠯᠠᠬᠤ ᠠᠵᠢᠯ ᠢ ᠡᠭᠦᠷᠭᠡᠯᠡᠨ᠎ᠡ︔ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠡᠯ᠎ᠡ ᠵᠦᠶᠯ ᠤᠨ ᠵᠠᠷᠯᠢᠭ ᠢ ᠨᠠᠶᠢᠳᠠᠪᠤᠷᠢᠵᠢᠭᠤᠯᠬᠤ ᠶᠢ ᠡᠭᠦᠷᠭᠡᠯᠡᠨ᠎ᠡ︔ ᠰᠦᠯᠵᠢᠶᠡᠨ ᠤ ᠠᠮᠤᠷ ᠲᠦᠪᠰᠢᠨ ᠤ ᠪᠤᠯᠪᠠᠰᠤᠷᠠᠭᠤᠯᠤᠯ ᠪᠠᠲᠤᠯᠠᠭ᠎ᠠ ᠶᠢᠨ ᠠᠵᠢᠯ᠂ ᠬᠠᠤᠯᠢ ᠬᠡᠷᠡᠭᠵᠢᠭᠦᠯᠦᠯᠲᠡ ᠶᠢᠨ ᠲᠤᠰᠠᠯᠠᠬᠤ ᠪᠠᠲᠤᠯᠠᠭ᠎ᠠ ᠶᠢᠨ ᠠᠵᠢᠯ ᠵᠡᠷᠭᠡ ᠶᠢ ᠡᠭᠦᠷᠭᠡᠯᠡᠨ᠎ᠡ᠃    ︵ᠵᠢᠷᠭᠤᠭ᠎ᠠ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠲᠤᠰᠢᠶᠠᠨ ᠰᠢᠢᠳᠪᠦᠷᠢᠯᠡᠬᠦᠯᠦᠭᠰᠡᠨ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃     ᠬᠠᠶ᠋ᠢᠭ᠄ ᠪᠤᠭᠤᠲᠤ ᠬᠤᠲᠠ ᠶᠢᠨ ᠪᠤᠯᠤᠳ ᠲᠡᠮᠦᠷ ᠵᠡᠭᠡᠯᠢ ᠶᠢᠨ 29 ᠳ᠋ᠦ᠋ᠭᠡᠷ ᠨᠣᠮᠧᠷ  ᠨᠠᠮ ᠵᠠᠰᠠᠭ ᠤᠨ ᠠᠰᠠᠷ ᠤᠨ 1 ᠳ᠋ᠦ᠋ᠭᠡᠷ ᠠᠰᠠᠷ ᠤᠨ 6 ᠳ᠋ᠤᠭᠠᠷ ᠲᠠᠪᠬᠤᠷᠯᠢᠭ     ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠤ 8᠄ 30 — 12᠄ 00  ᠂  14᠄ 30 —17 ᠄ 30     ᠬᠠᠷᠢᠯᠴᠠᠬᠤ ᠤᠲᠠᠰᠤ᠄ 0472 — 2836607     ᠬᠠᠷᠢᠭᠤᠴᠠᠯᠭᠠᠲᠠᠨ᠄ ᠵᠠᠩ ᠵᠢᠩ ᠵᠢᠶᠧ  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号